蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠮᠤᠩᠭ᠋᠋ᠤᠯ ᠰᠦᠯᠵᠢᠶᠡᠨ ᠵᠠᠭᠤᠴᠢᠯᠠᠭᠤᠷ ᠤᠨ ᠨᠠᠮ ᠤᠨ ᠠᠷᠪᠡ ᠶᠢᠰᠦᠳᠦᠬᠡᠷ ᠶᠡᠬᠡ ᠬᠤᠷᠡᠯ ‍ᠤᠨ ᠵᠤᠷᠢᠭ ᠰᠠᠨᠠᠭ᠎ᠠ ᠵᠢ ᠰᠤᠷᠤᠯᠴᠡᠵᠦ ᠤᠬᠠᠭᠤᠯᠤᠨ ᠳᠤᠤᠱᠯᠠᠭᠤᠯᠬᠤ ᠭᠤᠤᠯ ᠰᠡᠳᠦᠪᠳᠦ ᠰᠤᠳᠤᠯᠤᠨ ᠶᠠᠷᠢᠯᠴᠠᠬᠤ ᠬᠤᠷᠡᠯ ᠪᠤᠯᠪᠠ

2018-01-13 11:42

    ᠰᠢᠨᠬᠤᠸᠠ ᠮᠣᠩᠭᠣᠯ ᠨᠧᠲ  ᠤᠯᠠᠭᠠᠨᠬᠠᠲᠠ ᠶᠢᠨ1 ᠰᠠᠷ᠎᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ (ᠰᠤᠷᠤᠶ᠎ᠠ ᠬᠡᠤᠬᠡᠨᠰᠤᠯᠢ) ᠲᠤᠰ ᠡᠳᠦᠷ᠂ ᠤᠯᠤᠰ ᠳᠠᠶᠠᠭᠠᠷ ᠤᠨ ᠮᠤᠩᠭ᠋᠋ᠤᠯ ᠰᠦᠯᠵᠢᠶᠡᠨ ᠵᠠᠭᠤᠴᠢᠯᠠᠭᠤᠷ ‍ᠤᠨ ᠨᠠᠮ ‍ᠤᠨ ᠠᠷᠪᠡ ᠶᠢᠰᠦᠳᠦᠬᠡᠷ ᠶᠡᠬᠡ ᠬᠤᠷᠡᠯ ‍ᠤᠨ ᠵᠤᠷᠢᠭ ᠰᠠᠨᠠᠭ᠎ᠠ ᠵᠢ ᠰᠤᠷᠤᠯᠴᠡᠵᠦ ᠤᠬᠠᠭᠤᠯᠤᠨ ᠳᠤᠤᠱᠯᠠᠭᠤᠯᠬᠤ ᠭᠤᠤᠯ ᠰᠡᠳᠦᠪᠳᠦ ᠰᠤᠳᠤᠯᠤᠨ ᠶᠠᠷᠢᠯᠴᠠᠬᠤ ᠬᠤᠷᠡᠯ ᠦᠪᠦᠷ ᠮᠣᠩᠭᠣᠯ ᠤᠨ ᠠᠷᠤ ᠬᠤᠷᠴᠢᠨ ᠬᠤᠰᠢᠭᠤᠨ ᠳᠤ ᠪᠤᠯᠪᠠ᠃

    ᠬᠤᠷᠠᠯ ᠳᠤ᠂ ᠰᠢᠨᠬᠤᠸᠠ ᠮᠤᠩᠭᠤᠯ ᠨᠧᠲ᠂ ᠲᠦᠪ ᠷᠠᠳᠢᠣ᠋ ᠶ᠋ᠢᠨ ᠮᠤᠩᠭ᠋᠋ᠤᠯ ᠰᠦᠯᠵᠢᠶ᠎ᠡ᠂ ᠲᠦᠪ ᠲᠧᠯᠸᠢᠰ ᠤᠨ ᠮᠤᠩ᠋ᠭᠤᠯ ᠰᠦᠯᠵᠢᠶ᠎ᠡ᠂ ᠲᠤᠮᠳᠠᠳᠦ ᠤᠯᠤᠰ ‍ᠤᠨ ᠮᠤᠩᠭ᠋᠋ᠤᠯ ᠬᠡᠯᠡᠨ ‍ᠤ ᠰᠤᠨᠢᠨ ᠮᠡᠳᠡᠬᠡ ᠶᠢᠨ ᠰᠦᠯᠵᠢᠶ᠎ᠡ᠂ ᠲᠠᠯ᠎ᠠ ᠶ᠋ᠢᠨ ᠲᠠᠭᠤ ᠬᠤᠭᠤᠯᠠᠢ ᠷᠠᠳᠢᠣ᠋᠂ ᠰᠢᠯᠢ ᠶ᠋ᠢᠨ ᠭᠤᠤᠯ ‍ᠤᠨ ᠡᠳᠦᠷ ‍ᠤᠨ ᠰᠤᠨᠢᠨ ‍ᠤ ᠰᠦᠯᠵᠢᠶ᠎ᠡ᠂ ᠤᠯᠠᠭᠠᠨᠬᠠᠳᠠ ᠶ᠋ᠢᠨ ᠡᠳᠦᠷ ‍ᠤᠨ ᠰᠤᠨᠢᠨ ‍ᠤ ᠰᠦᠯᠵᠢᠶ᠎ᠡ᠂ ᠮᠦᠩᠬᠡ ᠭᠠᠯ ᠰᠤᠹᠲ ᠺᠤᠮᠫᠠᠨᠢ ᠵᠡᠷᠭᠡ ᠠᠷᠪᠠ ᠭᠠᠷᠤᠢ ᠬᠤᠯᠪᠤᠭᠳᠠᠯ ᠪᠦᠬᠦᠢ ᠪᠠᠶᠢᠭᠤᠯᠤᠯᠭ᠎ᠠ ᠬᠢᠬᠡᠳ ᠥᠪᠦᠷ ᠮᠣᠩᠭ᠋᠋ᠤᠯ ᠤᠨ ᠡᠯ᠎ᠠ ᠪᠦᠰᠡ ᠨᠤᠲᠤᠭ ᠤᠨ ᠮᠣᠩᠭ᠋᠋ᠤᠯ ᠨᠸᠲ ᠲᠠᠪᠴᠠᠩ ᠤᠨ 20 ᠭᠠᠷᠤᠢ ᠲᠦᠯᠦᠭᠡᠯᠡᠭᠴᠢ ᠤᠷᠤᠯᠴᠠᠪᠠ᠃

    ᠬᠤᠷᠠᠯ ᠢᠶᠡᠷ᠂ ᠬᠡᠪᠯᠡᠯ ᠮᠡᠳᠡᠭᠡᠯᠡᠯ ᠤᠨ ᠳᠦᠯᠦᠬᠡᠯᠡᠭᠴᠢᠳ ᠡᠴᠠ ᠰᠢᠨ᠎ᠡ ᠬᠡᠪᠯᠡᠯ ᠮᠡᠳᠡᠭᠡᠯᠡᠯ ᠤᠨ ᠬᠢᠨ ᠳᠤ ᠨᠡᠶᠢᠳᠡᠯᠡᠭᠳᠡᠭᠰᠡᠨ ᠪᠦᠳᠦᠬᠡᠯ ‍ᠤᠨ ᠵᠤᠬᠢᠶᠠᠭᠴᠢ ᠶ᠋ᠢᠨ ᠡᠷᠬᠡ ᠪᠠ ᠰᠢᠯᠵᠢᠬᠦᠯᠦᠨ ᠨᠡᠶᠢᠳᠡᠯᠡᠬᠦ ᠡᠷᠬᠡ ᠶᠢᠨ ᠳᠤᠬᠠᠢ᠂ ᠮᠤᠩᠭ᠋᠋ᠤᠯ ᠨᠧᠲ ᠨᠢ ᠮᠦᠨ ᠬᠦ ᠠᠩᠬᠠᠨ ᠤ ᠱᠠᠳᠤᠨ ᠳ᠋ᠥ ᠪᠠᠶᠢᠭ᠎ᠠ ᠪᠦᠬᠡᠳ ᠢᠷᠡᠬᠡᠳᠦᠢ ᠳ᠋ᠥ ᠮᠤᠩ᠋ᠭᠤᠯ ᠬᠡᠯᠡᠨ ‍ᠤ ᠤᠯᠠᠨ ᠤᠯᠤᠰ ‍ᠤᠨ ᠪᠠᠷᠢᠮᠵᠢᠶ᠎ᠠ ᠺᠤᠳ᠋ ᠵᠢᠡᠷ ᠨᠢᠬᠡᠳᠬᠦ ᠬᠡᠷᠡᠭᠳᠡᠢ ᠪᠤᠯᠤᠭᠠᠳ ᠪᠠᠶᠢᠭ᠎ᠠ᠂ ᠡᠯ᠎ᠡ ᠵᠠᠭᠤᠴᠢᠯᠠᠭᠤᠷ ᠲᠤ ᠡᠳ᠋ ᠤᠨ ᠵᠠᠰᠠᠭ ᠤᠨ ᠮᠡᠳᠡᠬᠡᠯᠡᠯ ᠬᠤᠮᠰᠠ ᠪᠤᠯᠤᠭᠠᠳ ᠤᠳᠬ᠎ᠠ ᠤᠷᠠᠯᠢᠭ ‍ᠤᠨ ᠳᠠᠯ᠎ᠠ ᠶ᠋ᠢᠨ ᠮᠡᠳᠡᠬᠡᠯᠡᠯ ᠠᠷᠪᠢᠳᠴᠦ ᠪᠠᠶᠢᠭ᠎ᠠ᠂ ᠠᠯᠪᠠᠨ ᠤ ᠪᠤᠯᠤᠨ ᠢᠷᠬᠡᠨ ᠤ ᠨᠧᠲ ᠤᠨ ᠢᠯᠭᠠᠭ᠎ᠠ ᠶᠢᠨ ᠳᠠᠯ᠎ᠠ ᠪᠠᠷ᠂ ᠭᠤᠤᠯ ᠰᠡᠳᠦᠪᠳᠦ ᠮᠡᠳᠡᠬᠡᠯᠡᠯ ᠬᠢᠬᠦ ᠦᠶᠡᠰ ᠪᠤᠰᠤᠳ ᠬᠡᠪᠯᠡᠯ ᠮᠡᠳᠡᠭᠡᠯᠡᠯ ᠤᠨ ᠬᠢᠨ ᠲᠠᠢ ᠬᠠᠮᠳᠤᠷᠠᠯᠴᠠᠨ ᠮᠡᠳᠡᠬᠡᠯᠡᠬᠦ ᠳᠠᠯ᠎ᠠ ᠪᠠᠷ᠂ ᠰᠢᠨ᠎ᠡ ᠬᠡᠪᠯᠡᠯ ᠮᠡᠳᠡᠭᠡᠯᠡᠯ ᠤᠨ ᠮᠡᠷᠬᠡᠵᠢᠯ ᠤᠨ ᠴᠢᠳᠠᠪᠤᠷᠢᠳᠡᠨ ᠳᠤᠳᠠᠮᠠᠭ᠂ ᠳᠤᠭᠳᠠᠴᠠ ᠪᠠᠶᠢᠭᠤᠯᠤᠮᠵᠢ ᠵᠢᠴᠢ ᠬᠤᠯᠪᠤᠭᠠᠯᠠᠯ ᠪᠠᠶᠢᠭᠤᠯᠬᠤ ᠳᠤᠬᠠᠢ᠂ ᠰᠡᠳᠭᠦᠯᠴᠢᠳ ᠤᠨ ᠰᠢᠨ᠎ᠡ ᠬᠡᠪᠯᠡᠯ ᠮᠡᠳᠡᠭᠡᠯᠡᠯ ᠤᠨ ᠳᠤᠬᠠᠶ ᠬᠦᠢᠴᠡᠳ ᠪᠤᠰᠦ ᠤᠶᠢᠯᠠᠭᠠᠯᠳᠠ ᠦᠵᠡᠯᠳᠡ ᠵᠢᠨ ᠳᠠᠯ᠎ᠠ ᠪᠠᠷ ᠰᠠᠨᠠᠯ ᠢᠶᠡᠨ ᠬᠤᠪᠢᠶᠠᠯᠴᠠᠭᠰᠠᠨ ᠪᠠᠶᠢᠨ᠎ᠠ᠃

    ᠡᠭᠦᠨ ᠡᠴᠡ ᠭᠠᠳᠠᠨ᠎ᠠ ᠬᠤᠷᠡᠯ ᠢᠶᠡᠷ᠂ ᠡᠯ᠎ᠠ ᠬᠡᠪᠯᠡᠯ ᠮᠡᠳᠡᠭᠡᠯᠡᠯ ᠤᠨ ᠬᠢᠨ ᠤ ᠤᠷᠤᠯᠴᠠᠭ᠎ᠠ ᠲᠠᠢ ᠪᠡᠷ《ᠪᠦᠬᠦ ᠤᠯᠤᠰ ‍ᠤᠨ ᠮᠤᠩ᠋ᠭᠤᠯ ᠰᠦᠯᠵᠢᠶᠡᠨ ᠵᠠᠭᠤᠴᠢᠯᠠᠭᠤᠷ ‍ᠤᠨ ᠰᠤᠷᠪᠤᠯᠵᠢᠯᠠᠭ᠎ᠠ ᠶ᠋ᠢᠨ ᠰᠠᠭᠤᠷᠢᠨ》 ᠠᠷᠤ ᠬᠤᠷᠴᠢᠨ ᠳᠤ ᠪᠠᠶᠢᠭᠤᠯᠤᠭᠳᠠᠯ᠎ᠠ᠃

1ᠰᠠᠷ᠎ᠠ ᠶ᠋ᠢᠨ 12 ᠤᠨ ᠡᠳᠦᠷ ᠂ ᠤᠯᠤᠰ ᠳᠠᠶᠠᠭᠠᠷ ᠤᠨ ᠮᠤᠩᠭ᠋᠋ᠤᠯ ᠰᠦᠯᠵᠢᠶᠡᠨ ᠵᠠᠭᠤᠴᠢᠯᠠᠭᠤᠷ ‍ᠤᠨ ᠨᠠᠮ ‍ᠤᠨ ᠠᠷᠪᠡ ᠶᠢᠰᠦᠳᠦᠬᠡᠷ ᠶᠡᠬᠡ ᠬᠤᠷᠡᠯ ‍ᠤᠨ ᠵᠤᠷᠢᠭ ᠰᠠᠨᠠᠭ᠎ᠠ ᠵᠢ ᠰᠤᠷᠤᠯᠴᠡᠵᠦ ᠤᠬᠠᠭᠤᠯᠤᠨ ᠳᠤᠤᠱᠯᠠᠭᠤᠯᠬᠤ ᠭᠤᠤᠯ ᠰᠡᠳᠦᠪᠳᠦ ᠰᠤᠳᠤᠯᠤᠨ ᠶᠠᠷᠢᠯᠴᠠᠬᠤ ᠬᠤᠷᠡᠯ ᠬᠤᠷᠠᠯᠳᠤᠪᠠ

《ᠪᠦᠬᠦ ᠤᠯᠤᠰ ‍ᠤᠨ ᠮᠤᠩ᠋ᠭᠤᠯ ᠰᠦᠯᠵᠢᠶᠡᠨ ᠵᠠᠭᠤᠴᠢᠯᠠᠭᠤᠷ ‍ᠤᠨ ᠰᠤᠷᠪᠤᠯᠵᠢᠯᠠᠭ᠎ᠠ ᠶ᠋ᠢᠨ ᠰᠠᠭᠤᠷᠢᠨ》 ᠠᠷᠤ ᠬᠤᠷᠴᠢᠨ ᠳᠤ ᠪᠠᠶᠢᠭᠤᠯᠤᠭᠳᠠᠪᠠ

ᠬᠤᠷᠠᠯ ᠤᠨ ᠲᠤᠬᠠᠢ ᠶᠢᠨ ᠲᠠᠯᠠᠪᠤᠷ 

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122254065