蒙古文网站Logo
ᠰᠢᠨᠬᠤᠸᠠ ᠮᠤᠩᠭ᠋ᠤᠯ ᠨᠧᠲ

ᠦᠨᠦᠴᠢᠨ ᠵᠡᠮᠳᠡᠭ ᠬᠡᠦᠭᠡᠳ ᠲᠤ ᠮᠠᠰᠠ ᠵᠠᠰᠠᠯ ᠬᠢᠬᠦ ᠮᠠᠷᠭᠠᠰᠢ ᠶᠢᠨ ᠲᠦᠯᠦᠪᠯᠡᠭᠡ ᠶᠢᠨ ᠲᠦᠷᠦᠯ ᠵᠦᠢᠯ ᠢ ᠦᠪᠤᠷ ᠮᠤᠩᠭ᠋ᠤᠯ ᠤᠨ ᠡᠮᠨᠡᠯᠭᠡ ᠶᠢᠨ ᠬᠤᠷᠢᠶ᠎ᠠ ᠬᠦᠢᠴᠡᠳᠬᠡᠬᠦ ᠪᠤᠯᠤᠯ᠎ᠠ

2016-01-18 10:46

    ᠤᠢᠢᠷ᠎ᠠ ᠳᠤ᠂ ᠦᠪᠦᠷ ᠮᠤᠩᠭ᠋ᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠦᠪᠤᠷ ᠮᠤᠩᠭ᠋ᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠦᠬᠦ ᠤᠷᠤᠨ ᠤ 《ᠦᠨᠦᠴᠢᠨ ᠵᠡᠮᠳᠡᠭ ᠬᠡᠦᠭᠡᠳ ᠲᠤ ᠮᠠᠰᠠ ᠵᠠᠰᠠᠯ ᠬᠢᠵᠤ ᠡᠷᠡᠭᠦᠯᠵᠢᠬᠦᠯᠬᠦ ᠮᠠᠷᠭᠠᠰᠢ ᠶᠢᠨ ᠲᠦᠯᠦᠪᠯᠡᠭᠡ》᠎ ᠶᠢ ᠬᠡᠷᠡᠭᠵᠢᠬᠦᠯᠬᠦ ᠡᠮᠨᠡᠯᠭᠡ ᠪᠡᠷ ᠲᠤᠭᠳᠠᠭᠠᠵᠤ᠂ ᠬᠤᠶᠠᠷ ᠲᠠᠯ᠎ᠠ ᠪᠠᠷ ᠢᠶᠠᠨ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠪᠠᠶᠢᠨ᠎ᠠ᠃

    ᠦᠨᠦᠴᠢᠨ ᠵᠡᠮᠳᠡᠭ ᠬᠡᠦᠭᠡᠳ ᠲᠤ ᠮᠠᠰᠠ ᠵᠠᠰᠠᠯ ᠬᠢᠵᠤ ᠡᠷᠡᠭᠦᠯᠵᠢᠬᠦᠯᠬᠦ ᠮᠠᠷᠭᠠᠰᠢ ᠶᠢᠨ ᠲᠦᠯᠦᠪᠯᠡᠭᠡ ᠶᠢᠨ ᠲᠦᠷᠦᠯ ᠵᠦᠢᠯ ᠪᠤᠯ ᠠᠷᠠᠳ ᠤᠨ ᠶᠠᠪᠤᠳᠠᠯ ᠤᠨ ᠶᠠᠮᠤᠨ ᠠᠴᠠ ᠨᠠᠶᠢᠭᠡᠮ ᠤᠨ ᠠᠰᠠᠷᠠᠮᠵᠢ ᠶᠢᠨ ᠭᠠᠵᠠᠷ ᠠᠮᠢᠳᠤᠷᠠᠵᠦ ᠪᠠᠶᠢᠭ᠎ᠠ ᠦᠨᠦᠴᠢᠨ ᠵᠡᠮᠳᠡᠭ ᠬᠡᠦᠭᠡᠳ ᠲᠤ ᠬᠡᠷᠡᠭᠵᠢᠬᠦᠯᠵᠦ ᠪᠠᠶᠢᠭ᠎ᠠ ᠡᠮᠴᠢᠯᠡᠭᠡᠨ ᠤ ᠠᠪᠤᠷᠠᠠ ᠲᠤᠰᠠᠯᠠᠬᠤ ᠠᠵᠢᠯᠯᠠᠭ᠎ᠠ ᠪᠤᠯᠤᠨ᠎ᠠ᠃ ᠲᠤᠰ ᠲᠦᠷᠦᠯ ᠵᠦᠢᠯ ᠢ 2004 ᠤᠨ ᠠᠴᠠ ᠡᠬᠢᠯᠡᠨ ᠬᠡᠷᠡᠭᠵᠢᠬᠦᠯᠦᠭᠰᠡᠨ ᠠᠴᠠ ᠨᠠᠰᠢ᠂ ᠪᠦᠬᠦ ᠤᠯᠤᠰ ᠤᠨ 6 ᠲᠦᠮᠠ ᠭᠠᠷᠤᠢ ᠦᠨᠦᠴᠢᠨ ᠵᠡᠮᠳᠡᠭ ᠬᠡᠦᠭᠡᠳ ᠲᠤ ᠮᠠᠰᠠ ᠵᠠᠰᠠᠯ ᠬᠢᠵᠤ ᠡᠷᠡᠭᠦᠯᠵᠢᠬᠦᠯᠵᠠᠢ᠃ ᠦᠪᠤᠷ ᠮᠤᠩᠭ᠋ᠤᠯ ᠤᠨ ᠠᠷᠠᠳ ᠤᠨ ᠡᠮᠨᠡᠯᠭᠡ ᠲᠤᠰ ᠲᠦᠷᠦᠯ ᠵᠦᠢᠯ ᠤᠨ ᠲᠤᠭᠳᠠᠭᠰᠠᠨ ᠡᠮᠨᠡᠯᠭᠡ ᠶᠢᠨ ᠬᠤᠷᠢᠶ᠎ᠠ ᠪᠤᠯᠤᠭᠰᠠᠨ ᠢᠶᠡᠷ᠂ ᠬᠦᠮᠦᠰ ᠵᠠᠪᠠᠯ ᠪᠡᠭᠡᠵᠢᠩ ᠳᠤ ᠤᠴᠢᠵᠦ ᠠᠷᠠᠳ ᠤᠨ ᠶᠠᠪᠤᠳᠠᠯ ᠤᠨ ᠲᠢᠩᠭᠢᠮ ᠡᠴᠡ ᠲᠤᠭᠳᠠᠭᠠᠭᠰᠠᠨ ᠳᠤᠰᠬᠠᠢ ᠡᠮᠨᠡᠯᠭᠡ ᠶᠢ ᠡᠷᠢᠬᠦ ᠴᠢᠬᠤᠯᠠ ᠦᠭᠡᠢ ᠪᠤᠯᠪᠠ᠃ ᠦᠪᠠᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠤᠯᠪᠤᠭᠳᠠᠯ ᠪᠦᠬᠦᠢ ᠠᠵᠢᠯᠳᠠᠨ ᠤ ᠲᠠᠨᠢᠯᠴᠠᠭᠤᠯᠤᠭᠰᠠᠨ ᠢᠶᠡᠷ᠂ ᠦᠨᠦᠴᠢᠨ ᠵᠡᠮᠳᠡᠭ ᠬᠡᠦᠭᠡᠳ ᠲᠤ ᠮᠠᠰᠠ ᠵᠠᠰᠠᠯ ᠬᠢᠵᠤ ᠡᠳᠡᠬᠡᠷᠡᠬᠦᠯᠦᠭᠰᠡᠨ ᠤ ᠲᠠᠷᠠᠭ᠎ᠠ ᠤᠯᠤᠰ ᠤᠨ ᠲᠤᠳᠤᠭᠠᠳᠤ ᠭᠠᠳᠠᠭᠠᠳᠤ ᠶᠢᠨ ᠬᠦᠮᠦᠰ ᠲᠤ ᠦᠷᠡᠴᠢᠯᠠᠬᠦᠯᠵᠤ᠂ ᠳᠡᠳᠡᠨᠡᠷ ᠢ ᠬᠡᠷ ᠪᠦᠯᠢ᠂ ᠨᠠᠶᠢᠭᠡᠮ ᠳᠤ ᠪᠤᠴᠠᠭᠠᠬᠤ ᠪᠤᠯᠤᠨ᠎ᠠ᠃

ᠵᠢᠷᠤᠭ ᠢ ᠨᠸᠲ ᠡᠴᠡ

ᠢᠷᠡᠯᠳᠡ᠄ ᠳᠤᠮᠳᠠᠳᠤ ᠤᠯᠤᠰ ᠤᠨ ᠮᠤᠩᠭ᠋ᠤᠯ ᠬᠡᠯᠡᠨ ᠤ ᠰᠤᠨᠢᠨ ᠮᠡᠳᠡᠬᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701117806791