蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠰᠤᠨᠤᠷ ᠢᠶᠡᠨ ᠬᠠᠮᠠᠭᠠᠯᠠᠬᠤ ᠡᠳᠦᠷ᠄ ᠬᠡᠥᠬᠡᠳ ᠤᠨ ᠰᠤᠨᠤᠷ ᠤᠨ ᠡᠷᠡᠭᠦᠯ ᠳᠤ ᠠᠩᠬᠠᠷᠤᠯ᠎ ᠬᠠᠨᠳᠤᠭᠤᠯᠤᠶ᠎ᠠ

2016-01-27 17:27

    2016 ᠤᠨ ᠤ 3 ᠰᠠᠷ᠎ᠠ ᠶᠢᠨ 3 ᠤ ᠡᠳᠦᠷ ᠪᠤᠯ 17 ᠳ᠋ᠤᠭᠠᠷ ᠤᠳᠠᠭᠠᠨ ᠤ ᠤᠯᠤᠰ ᠳᠠᠶᠠᠭᠠᠷ ᠤᠨ ᠰᠤᠨᠤᠷ ᠢᠶᠡᠨ ᠬᠠᠮᠠᠭᠠᠯᠠᠬᠤ ᠡᠳᠦᠷ᠂ ᠮᠦᠨᠴᠦ 4 ᠳ᠋ᠤᠭᠡᠷ ᠤᠳᠠᠭᠠᠨ ᠤ ᠤᠯᠠᠨ ᠤᠯᠤᠰ ᠤᠨ ᠰᠤᠨᠤᠷ ᠢᠶᠡᠨ ᠬᠠᠮᠠᠭᠠᠯᠠᠬᠤ ᠡᠳᠦᠷ ᠶᠤᠮ᠃ ᠳᠤᠮᠳᠠᠳᠤ ᠤᠯᠤᠰ ᠤᠨ ᠵᠡᠮᠳᠡᠭᠴᠤᠳ ᠤᠨ ᠬᠤᠯᠪᠤᠭᠠᠨ᠂ ᠠᠷᠠᠳ ᠤᠨ ᠶᠠᠪᠤᠳᠠᠯ ᠤᠨ ᠶᠠᠮᠤᠨ ᠵᠡᠷᠭᠡ 15 ᠰᠠᠯᠠᠭ᠎ᠠ ᠮᠦᠴᠢᠷ ᠤᠨ ᠬᠢᠨ ᠤᠶᠢᠷ᠎ᠠ ᠳᠤ ᠬᠠᠮᠲᠤᠷᠠᠨ ᠮᠡᠳᠡᠭᠳᠡᠯ ᠨᠡᠶᠢᠲᠡᠯᠡᠵᠦ᠂ ᠲᠤᠰ ᠤᠳᠠᠭᠠᠨ ᠤ ᠤᠯᠤᠰ ᠳᠠᠶᠠᠭᠠᠷ ᠤᠨ ᠰᠤᠨᠤᠷ ᠢᠶᠡᠨ ᠬᠠᠮᠠᠭᠠᠯᠠᠬᠤ ᠡᠳᠦᠷ ᠤᠨ ᠭᠤᠤᠯ ᠰᠡᠳᠦᠪ ᠢ 《ᠬᠡᠥᠬᠡᠳ ᠤᠨ ᠰᠤᠨᠤᠷ ᠤᠨ ᠡᠷᠡᠭᠦᠯ ᠳᠤ ᠠᠩᠬᠠᠷᠤᠯ ᠬᠠᠨᠳᠤᠭᠤᠯᠤᠶ᠎ᠠ》 ᠭᠡᠵᠦ ᠲᠤᠭᠲᠠᠭᠠᠵᠠᠢ᠃

    ᠳᠤᠮᠳᠠᠳᠤ ᠤᠯᠤᠰ ᠤᠨ ᠵᠡᠮᠳᠡᠭᠴᠤᠳ ᠤᠨ ᠬᠤᠯᠪᠤᠭᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠡᠷ᠂ 6 ᠳ᠋ᠡᠬᠢ ᠡᠭᠡᠯᠵᠢ ᠶᠢᠨ ᠤᠯᠤᠰ ᠳᠠᠶᠠᠭᠠᠷ ᠤᠨ ᠬᠦᠮᠦᠨ ᠠᠮᠠ ᠶᠢᠨ ᠪᠦᠷᠢᠳᠬᠡᠯ ᠳᠤ 0 – 14 ᠨᠠᠰᠤᠨ ᠤ ᠬᠡᠥᠬᠡᠳ ᠤᠨ ᠲᠤᠭ᠎ᠠ 2.2 ᠳ᠋ᠦᠩᠰᠢᠭᠤᠷ ᠳᠠᠪᠠᠵᠠᠢ᠃ 2 ᠳ᠋ᠡᠬᠢ ᠡᠭᠡᠯᠵᠢ ᠶᠢᠨ ᠤᠯᠤᠰ ᠳᠠᠶᠠᠭᠠᠷ ᠤᠨ ᠵᠡᠮᠳᠡᠭᠴᠤᠳ ᠤᠨ ᠰᠤᠭᠤᠴᠢᠨ ᠪᠠᠶᠢᠴᠠᠭᠠᠯᠳᠠ ᠳᠤ ᠰᠤᠨᠤᠷ ᠤᠨ ᠵᠡᠮᠳᠡᠭ ᠢᠯᠡᠷᠡᠬᠦ ᠨᠤᠷᠮ᠎ᠠ 2.11% ᠪᠠᠶᠢᠭᠰᠠᠨ ᠡᠴᠡ ᠮᠠᠨ ᠤ ᠤᠯᠤᠰ ᠤᠨ 0 – 14 ᠨᠠᠰᠤᠨ ᠤ ᠬᠡᠥᠬᠡᠳ ᠤᠨ ᠳᠤᠮᠳᠠ ᠰᠤᠨᠤᠷ ᠮᠠᠭᠤ ᠨᠢ 460 ᠲᠦᠮᠡ ᠡᠴᠡ ᠳᠠᠪᠠᠵᠠᠢ᠃

    ᠮᠡᠳᠡᠭᠳᠡᠯ ᠳᠤ ᠡᠯ᠎ᠠ ᠲᠦᠷᠦᠯ ᠤᠨ ᠠᠷᠭ᠎ᠠ ᠪᠠᠷᠢᠯ ᠢᠶᠡᠷ ᠬᠡᠥᠬᠡᠳ ᠤᠨ ᠰᠤᠨᠤᠷ ᠤᠨ ᠡᠷᠡᠭᠦᠯ ᠢ ᠪᠠᠶᠢᠴᠠᠭᠠᠬᠤ ᠶᠢᠨ ᠴᠢᠬᠤᠯᠠ ᠴᠢᠨᠠᠷ᠂ ᠬᠡᠥᠬᠡᠳ ᠤᠨ ᠰᠤᠨᠤᠷ ᠮᠠᠭᠤᠲᠠᠬᠤ ᠶᠢ ᠰᠡᠷᠭᠡᠶᠢᠯᠡᠬᠦ᠂ ᠮᠡᠳᠡᠬᠦ᠂ ᠵᠠᠰᠠᠬᠤ ᠲᠤᠬᠠᠢ ᠮᠡᠳᠡᠯᠭᠡ ᠶᠢ ᠤᠬᠠᠭᠤᠯᠵᠦ᠂ ᠬᠠᠮᠢᠶ᠎ᠠ ᠪᠦᠬᠦᠢ ᠠᠵᠢᠯ ᠢ ᠠᠬᠢᠭᠤᠯᠵᠦ ᠠᠷᠠᠳ ᠲᠤ ᠳᠦᠭᠦᠮ ᠦᠵᠡᠭᠦᠯᠬᠦ ᠬᠡᠷᠡᠭᠲᠠᠢ ᠭᠡᠵᠠᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠨᠤᠭᠤᠭᠠᠨᠲᠠᠯ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120741117915708