蒙古文网站Logo
ᠰᠢᠨᠬᠤᠸᠠ ᠮᠤᠩᠭ᠋ᠤᠯ ᠨᠧᠲ

ᠭᠤᠸᠠᠩᠳᠦ᠋ᠩ ᠮᠤᠵᠢ ᠳ᠋ᠤ ᠽᠢᠺᠠ ᠸᠢᠷᠦ᠋ᠰ ᠲᠤ ᠬᠠᠯᠲᠠᠪᠤᠷᠢᠯᠠᠭᠰᠠᠳ ᠢᠯᠡᠷᠡᠪᠡ

2016-03-02 16:08

    ᠭᠤᠸᠠᠩᠳᠦ᠋ᠩ ᠮᠤᠵᠢ ᠶᠢᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠤᠨ ᠵᠦᠪᠯᠡᠯ 1 ᠤ ᠡᠲᠦᠷ ᠬᠡᠯᠡᠬᠦ ᠳ᠋ᠡᠭᠡᠨ᠂ ᠡᠮᠴᠢᠯᠡᠭᠡᠨ ᠤ ᠪᠠᠢᠢᠴᠠᠭᠠᠯᠲᠠ  ᠬᠦᠯᠢᠶᠡᠵᠦ ᠪᠠᠢᠢᠭᠰᠠᠨ ᠲᠤᠰ ᠮᠤᠵᠢ ᠶᠢᠨ ᠵᠢᠶᠠᠩᠮᠧᠨ ᠳᠦ ᠨᠤᠲᠤᠭ ᠲᠠᠢ 40 ᠨᠠᠰᠤᠨ ᠤ ᠡᠷᠡᠭᠲᠡᠢ ᠽᠢᠺᠠ ᠸᠢᠷᠦ᠋ᠰ ᠲᠤ ᠬᠠᠯᠲᠠᠪᠦᠷᠢᠯᠠᠭᠲᠠᠪᠠ᠃ ᠡᠨᠡ ᠨᠢ ᠲᠤᠰ ᠮᠤᠵᠢ ᠶᠢᠨ ᠲᠠᠪᠤᠲᠠᠬᠢ ᠽᠢᠺᠠ ᠸᠢᠷᠦ᠋ᠰ ᠲᠤ ᠬᠠᠯᠲᠠᠪᠤᠷᠢᠯᠠᠭᠲᠠᠭᠰᠠᠳ ᠪᠤᠯᠤᠨ᠎ᠠ᠃

    ᠽᠢᠺᠠ ᠸᠢᠷᠦ᠋ᠰ ᠲᠤ ᠬᠠᠯᠲᠠᠪᠤᠷᠢᠯᠠᠭᠲᠠᠭᠰᠠᠨ ᠵᠸᠩ ᠭᠤᠸᠠᠢ ᠤᠤᠯ ᠨᠢ ᠸᠸᠨ᠋ᠽᠦ᠋ᠸᠯᠠ ᠳ᠋ᠤ ᠠᠵᠢᠯᠯᠠᠵᠤ ᠪᠠᠢᠢᠪᠠ᠃ 2 ᠰᠠᠷ᠎ᠠ ᠶᠢᠨ 25 ᠤ ᠡᠲᠦᠷ ᠤᠯᠤᠰ ᠲᠠᠭᠠᠨ ᠪᠤᠴᠠᠵᠤ᠂ 27 ᠤ ᠡᠲᠦᠷ ᠲᠤᠬᠠᠢ ᠶᠢᠨ ᠭᠠᠵᠠᠷ ᠤᠨ ᠶᠢᠡᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠤᠨ ᠡᠮᠴᠢᠯᠡᠭᠡᠨ ᠤ ᠪᠠᠢᠢᠴᠠᠭᠠᠯᠲᠠ ᠶᠢ ᠬᠦᠯᠢᠶᠡᠵᠡᠢ᠃ 29 ᠤ ᠡᠲᠦᠷ᠂ ᠠᠷᠠᠰᠤᠨ ᠳᠤᠨᠢ ᠡᠰᠡᠷᠭᠡᠨ᠎ᠡ ᠢᠯᠡᠷᠡᠵᠦ᠂ ᠭᠤᠸᠠᠩᠳᠦ᠋ᠩ ᠮᠤᠵᠢ ᠶᠢᠨ ᠬᠢᠵᠢᠭ᠌ ᠡᠪᠡᠳᠴᠢᠨ ᠢ ᠰᠡᠷᠭᠡᠢᠢᠯᠡᠬᠦ ᠲᠦᠪ ᠤᠨ ᠬᠢᠨᠠᠨ ᠰᠢᠯᠭᠠᠭᠰᠠᠨ ᠤ ᠳ᠋ᠦᠩ ᠳ᠋ᠤ ᠽᠢᠺᠠ ᠸᠢᠷᠦ᠋ᠰ ᠲᠤ ᠬᠠᠯᠲᠠᠪᠤᠷᠢᠯᠠᠭᠲᠠᠭᠰᠠᠨ ᠶᠢᠡᠷ ᠤᠨᠤᠰᠢᠯᠠᠪᠠ᠃ ᠤᠲᠤᠬᠠᠨ ᠳ᠋ᠤ ᠡᠪᠡᠳᠴᠢᠲᠠᠨ ᠢ ᠡᠮᠨᠡᠯᠭᠡ ᠶᠢᠨ ᠬᠤᠷᠢᠶᠠᠨ ᠡᠴᠡ ᠲᠤᠰᠭ᠋᠍ᠠᠷᠯᠠᠨ ᠡᠮᠴᠢᠯᠡᠵᠦ ᠪᠠᠢᠢᠬᠤ ᠪᠦᠭᠡᠳ ᠡᠪᠡᠳᠴᠢᠨ ᠤ ᠪᠠᠢᠢᠲᠠᠯ ᠨᠢ ᠲᠤᠭᠲᠠᠭᠤᠨ ᠪᠠᠢᠢᠨ᠎ᠠ᠃

    ᠭᠤᠸᠠᠩᠳᠦ᠋ᠩ ᠮᠤᠵᠢ ᠶᠢᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠤᠨ ᠵᠦᠪᠯᠡᠯ ᠽᠢᠺᠠ ᠸᠢᠷᠦ᠋ᠰ ᠤᠨ ᠬᠢᠵᠢᠭ᠌ ᠢ ᠰᠡᠷᠭᠡᠢᠢᠯᠡᠬᠦ ᠠᠵᠢᠯ ᠢ ᠨᠠᠷᠢᠨ ᠬᠢᠨᠠᠮᠠᠭᠠᠢ ᠬᠢᠵᠦ᠂ ᠭᠠᠲᠠᠭᠠᠲᠤ ᠡᠴᠡ ᠬᠢᠯᠢ ᠲᠠᠮᠨᠠᠨ ᠢᠷᠡᠭᠰᠡᠨ ᠬᠦᠮᠦᠨ ᠢ ᠪᠠᠢᠢᠴᠠᠭᠠᠬᠤ ᠬᠦᠴᠦᠯᠡᠴᠡ ᠪᠠᠨ ᠴᠢᠩᠭ᠋ᠠᠳᠬᠠᠨ᠂ ᠤᠯᠠᠨ ᠲᠦᠮᠡᠨ ᠢ ᠲᠠᠢᠢᠴᠢᠯᠠᠨ᠂ ᠰᠢᠮᠠᠭᠤᠯ ᠠᠯᠠᠬᠤ ᠰᠢᠮᠠᠭᠤᠯ ᠢ ᠰᠡᠷᠭᠡᠢᠢᠯᠡᠬᠦ ᠠᠵᠢᠯ ᠢ ᠬᠢᠵᠦ ᠪᠤᠢ᠃

    ᠬᠠᠩᠰᠢ ᠶᠢᠨ ᠦᠶ᠎ᠠ ᠪᠡᠷ ᠭᠤᠸᠠᠩᠳᠦ᠋ᠩ ᠳ᠌ᠤ ᠪᠠᠨ ᠪᠤᠴᠠᠬᠤ ᠲᠤᠮᠲᠠᠲᠤ ᠶᠢᠨ ᠬᠠᠷᠢᠶᠠᠲᠤ  ᠤᠯᠠᠰᠢᠷᠠᠬᠤ ᠪᠤᠯᠬᠤᠷ ᠽᠢᠺᠠ ᠸᠢᠷᠦ᠋ᠰ ᠢ ᠰᠡᠷᠭᠡᠢᠢᠯᠡᠬᠦ ᠴᠢᠬᠤᠯᠠᠲᠠᠢ ᠭᠡᠵᠦ ᠲᠤᠰᠬᠠᠢ ᠮᠡᠷᠭᠡᠵᠢᠯᠲᠡᠨ ᠰᠠᠨᠠᠭᠤᠯᠵᠤ ᠪᠠᠢᠢᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118214036