蒙古文网站Logo
ᠰᠢᠨᠬᠤᠸᠠ ᠮᠤᠩᠭ᠋ᠤᠯ ᠨᠧᠲ

ᠡᠮᠴᠢᠯᠡᠭᠡᠨ ᠤ ᠲᠦᠯᠦᠪᠦᠷᠢ ᠶᠠᠭᠠᠬᠢᠭᠠᠳ ᠦᠨᠳᠦᠷ ᠪᠠᠶᠢᠭ᠎ᠠ ᠪᠤᠢ

2016-03-10 10:41

    3 ᠰᠠᠷ᠎ᠠ ᠶᠢᠨ 9 ᠤ ᠦᠳᠡ ᠶᠢᠨ ᠡᠮᠦᠨ᠎ᠡ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠬᠤᠸᠠᠩ ᠵᠢᠶᠸ ᠹᠦ᠋᠂ ᠬᠤ ᠰᠢᠶᠤᠤ ᠢ᠂ ᠯᠢᠦ ᠴᠠᠩ ᠮᠢᠩ ᠨᠠᠷ ᠠᠷᠠᠳ ᠤᠨ ᠠᠮᠢᠵᠢᠷᠭᠠᠨ ᠤ ᠪᠠᠳᠤᠯᠭ᠎ᠠ ᠪᠠ ᠦᠭᠡᠷᠴᠢᠯᠡᠯᠲᠡ ᠶᠢᠨ ᠴᠢᠬᠤᠯᠠ ᠡᠭᠦᠷᠭᠡ᠂ ᠰᠤᠷᠭᠠᠨ ᠬᠦᠮᠦᠵᠢᠯ ᠤᠨ ᠴᠢᠨᠰᠠᠭ᠎ᠠ ᠵᠢ ᠳᠡᠭᠡᠭ᠍ᠰᠢᠯᠡᠭᠦᠯᠬᠦ᠂ ᠠᠵᠢᠯ ᠤᠯᠭᠤᠵᠦ ᠦᠢᠯᠡᠰ ᠪᠦᠲᠦᠭᠡᠬᠦ ᠵᠢ ᠠᠬᠢᠭᠤᠯᠬᠤ ᠪᠠ ᠲᠡᠭᠰᠢ ᠲᠤᠬᠲᠠᠪᠤᠷᠢᠲᠠᠢ ᠬᠦᠭ᠍ᠵᠢᠬᠦ ᠨᠡᠶᠢᠭᠡᠮ ᠢ ᠪᠠᠶᠢᠭᠤᠯᠬᠤ ᠪᠠᠲᠤᠯᠭ᠎ᠠ ᠶᠢᠨ ᠳᠦᠷᠢᠮ ᠤᠨ ᠲᠠᠯ᠎ᠠ ᠪᠡᠷ ᠰᠤᠷᠪᠤᠯᠵᠢᠯᠠᠬᠴᠢᠳ ᠤᠨ ᠠᠰᠠᠭᠤᠯᠲᠠ ᠵᠢ ᠬᠠᠷᠢᠭᠤᠯᠵᠠᠢ᠃

ᠬᠡᠪᠯᠡᠯ ᠮᠡᠳᠡᠭᠡᠯᠡᠯ ᠤᠨ ᠬᠤᠷᠠᠯ ᠤᠨ ᠲᠠᠯᠠᠪᠠᠢ

    ᠡᠮᠴᠢᠯᠡᠭᠡᠨ ᠤ ᠲᠠᠯ᠎ᠠ ᠪᠡᠷ᠂ ᠤᠳᠤᠬᠠᠨ ᠳᠤ ᠬᠦᠮᠦᠰ ᠮᠦᠨ ᠡᠮᠴᠢᠯᠡᠭᠦᠯᠬᠦ ᠳᠤ ᠬᠦᠴᠢᠷ᠂ ᠡᠮᠴᠢᠯᠡᠭᠡᠨ ᠤ ᠲᠦᠯᠦᠪᠦᠷᠢ ᠦᠨᠳᠦᠷ ᠪᠠᠶᠢᠨ᠎ᠠ ᠭᠡᠵᠦ ᠦᠵᠡᠵᠡᠭᠡᠵᠦ ᠪᠤᠢ᠃ ᠴᠤᠬᠤᠮ ᠶᠠᠭᠠᠬᠢᠪᠠᠯ ᠵᠤᠬᠢᠬᠤ ᠪᠤᠯ? ᠤᠤᠯ ᠤᠨ ᠡᠷᠡᠭᠦᠯ ᠬᠠᠮᠠᠭᠠᠯᠠᠯ ᠤᠨ ᠶᠠᠮᠤᠨ ᠤ ᠳᠡᠳ᠋ ᠳᠠᠷᠤᠭ᠎ᠠ ᠬᠤᠸᠠᠩ ᠵᠢᠶᠧ ᠹᠦ᠋᠂ ᠡᠮᠴᠢᠯᠡᠭᠦᠯᠬᠦ ᠳᠤ ᠬᠦᠴᠢᠷ᠂ ᠡᠮᠴᠢᠯᠡᠭᠡᠨ ᠤ ᠲᠦᠯᠦᠪᠦᠷᠢ ᠦᠨᠳᠦᠷ ᠪᠠᠶᠢᠭ᠎ᠠ ᠶᠢᠨ ᠭᠤᠤᠯ ᠰᠢᠯᠲᠠᠭᠠᠨ ᠪᠤᠯ ᠤᠬᠢ ᠰᠠᠢᠢᠨ ᠡᠮᠨᠡᠯᠭᠡ ᠶᠢᠨ ᠪᠠᠶᠠᠯᠢᠬ ᠬᠤᠮᠰᠠ᠂ ᠠᠯᠪᠠᠨ ᠡᠴᠡ ᠡᠷᠬᠢᠯᠡᠭᠰᠡᠨ ᠡᠮᠨᠡᠯᠭᠡ ᠶᠢᠨ ᠦᠭᠡᠷᠴᠢᠯᠡᠯᠲᠡ ᠬᠤᠵᠢᠬᠳᠠᠬᠰᠠᠨ ᠲᠠᠢ ᠬᠤᠯᠪᠤᠭ᠎ᠠ ᠲᠠᠢ ᠭᠡᠵᠡᠢ᠃

    ᠲᠡᠷᠡ ᠪᠡᠷ᠂ 2009 ᠤᠨ ᠳᠤ᠂ ᠮᠠᠨ ᠤ ᠤᠯᠤᠰ ᠤᠨ ᠡᠮᠴᠢᠯᠡᠭᠡ᠂ ᠡᠷᠡᠭᠦᠯ ᠮᠡᠨᠲᠤ ᠶᠢᠨ ᠵᠠᠷᠤᠳᠠᠯ 1.7 ᠲᠦᠮᠡᠨ ᠳ᠋ᠦ᠋ᠩᠰᠢᠭᠤᠷ ᠪᠠᠶᠢᠵᠦ᠂ ᠦᠩᠭᠡᠷᠡᠭᠰᠡᠨ ᠤᠨ ᠳᠤ 4.2 ᠲᠦᠮᠡᠨ ᠳ᠋ᠦ᠋ᠩᠰᠢᠭᠤᠷ ᠪᠠᠢᠢᠪᠠ᠃ 6 ᠵᠢᠯ ᠳᠤ ᠡᠮᠴᠢᠯᠡᠭᠡ ᠡᠷᠡᠭᠦᠯ ᠮᠡᠨᠲᠤ ᠶᠢᠨ ᠵᠠᠷᠤᠳᠠᠯ ᠳᠠᠬᠢᠨ ᠢᠶᠡᠷ ᠨᠡᠮᠡᠭᠳᠡᠯ᠎ᠡ᠂ ᠭᠡᠲᠡᠯ᠎ᠡ ᠶᠠᠭᠠᠬᠢᠭᠠᠳ ᠦᠷ᠎ᠡ ᠠᠰᠢᠬ ᠨᠢ ᠪᠠᠰᠠ ᠯᠡ ᠠᠨᠠᠢ ᠪᠠᠶᠢᠭ᠎ᠠ ᠪᠤᠢ ᠭᠡᠪᠡᠯ ᠦᠨᠡᠨᠳᠡᠭᠡᠨ ᠵᠠᠷᠤᠴᠠᠭᠤᠯᠤᠬᠰᠠᠨ ᠮᠦᠩᠭᠦ ᠲᠦᠭᠦᠷᠢᠭ᠌ ᠤᠳ ᠪᠦᠷ ᠡᠮᠨᠡᠯᠭᠡ ᠶᠢᠨ ᠦᠢᠯᠡᠴᠢᠯᠡᠭᠡᠨ ᠤ ᠬᠡᠢᠢᠰᠪᠤᠷᠢ ᠦᠨᠳᠦᠷ ᠦᠨ᠎ᠡ ᠳᠤ ᠰᠢᠩᠭᠡᠵᠡᠢ᠃ ᠢᠷᠭᠡᠳ ᠤᠨ ᠵᠠᠷᠤᠴᠠᠭᠤᠯᠬᠤ ᠮᠦᠩᠭᠦ ᠶᠢᠨ ᠬᠠᠷᠢᠴᠠᠯ ᠬᠡᠳᠦᠢᠢᠪᠡᠷ 3% ᠪᠡᠷ ᠪᠠᠭᠤᠷᠠᠬᠰᠠᠨ ᠰᠢᠬ ᠪᠤᠯᠪᠠᠴᠤ᠂ ᠦᠨᠡᠨᠳᠡᠭᠡᠨ ᠵᠠᠷᠤᠴᠠᠭᠤᠯᠤᠬᠰᠠᠨ ᠮᠦᠩᠭᠦ ᠨᠢ ᠨᠡᠮᠡᠭᠳᠡᠭ᠍ᠰᠡᠨ ᠪᠠᠶᠢᠨ᠎ᠠ᠃ ᠲᠡᠭᠦᠨ ᠤ ᠪᠤᠳᠤᠬᠤ ᠪᠡᠷ᠂ ᠡᠳᠡᠭᠡᠷ ᠠᠰᠠᠭᠤᠳᠠᠯ ᠢ ᠰᠡᠢᠳᠪᠦᠷᠢᠯᠡᠬᠦ ᠳᠤ ᠬᠠᠰᠢᠯᠠ《ᠬᠦᠭ᠍ᠵᠢᠯᠲᠡ ᠪᠤᠯ ᠬᠠᠳᠠᠭᠤ ᠶᠤᠰᠤ》ᠭᠡᠳᠡᠭ ᠢ ᠵᠢᠷᠤᠮᠯᠠᠬᠤ ᠶᠤᠰᠤᠲᠠᠢ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118288750