蒙古文网站Logo
ᠰᠢᠨᠬᠤᠸᠠ ᠮᠤᠩᠭ᠋ᠤᠯ ᠨᠧᠲ

ᠬᠡᠦᠬᠡᠳ ᠦᠨ ᠢᠶᠡᠨ ᠰᠤᠨᠤᠷ ᠢ ᠬᠠᠮᠠᠭᠠᠯᠠᠵᠠᠭᠠᠶ᠎ᠠ

2016-03-10 16:57

    ᠰᠣᠨᠣᠰᠬᠠᠯ ᠤᠨ ᠪᠡᠷᠬᠡᠰᠢᠶᠡᠯ ᠲᠡᠢ ᠭᠡᠬᠦ ᠰᠢᠯᠲᠠᠭᠠᠨ ᠢᠶᠠᠷ ᠡᠮᠨᠡᠯᠭᠡ ᠶᠢᠨ ᠲᠤᠰᠠᠯᠠᠮᠵᠢ ᠠᠪᠬᠤ ᠬᠡᠦᠬᠡᠳ ᠦᠳ ᠦᠨ ᠲᠣᠭ᠎ᠠ ᠵᠢᠯ ᠡᠴᠡ ᠵᠢᠯ ᠳᠤ ᠥᠰᠴᠦ ᠪᠠᠶᠢᠨ᠎ᠠ᠃ ᠲᠣᠳᠣᠷᠠᠭᠤᠯᠪᠠᠯ᠂ ᠤᠯᠠᠭᠠᠨᠪᠠᠭᠠᠲᠤᠷ ᠬᠣᠲᠠ ᠳᠤ 2010 ᠣᠨ ᠤ ᠪᠠᠶᠢᠳᠠᠯ ᠢᠶᠠᠷ ᠰᠣᠨᠣᠰᠬᠠᠯ ᠤᠨ ᠪᠡᠷᠬᠡᠰᠢᠶᠡᠯ ᠲᠡᠢ 5431 ᠬᠡᠦᠬᠡᠳ ᠡᠮᠨᠡᠯᠭᠡ ᠳᠤ ᠬᠠᠨᠳᠤᠨ ᠡᠮᠨᠡᠯᠭᠡ ᠶᠢᠨ ᠲᠤᠰᠠᠯᠠᠮᠵᠢ ᠦᠢᠯᠡᠴᠢᠯᠡᠭᠡ ᠠᠪᠤᠭᠰᠠᠨ ᠪᠣᠯ 2014 ᠣᠨ ᠳᠤ 7302 ᠪᠣᠯᠵᠤ ᠥᠰᠴᠠᠢ᠃

    ᠳᠡᠯᠡᠬᠡᠢ ᠶᠢᠨ ᠬᠡᠮᠵᠢᠶᠡᠨ ᠳᠤ ᠴᠤ ᠰᠣᠨᠣᠰᠬᠠᠯ ᠤᠨ ᠪᠡᠷᠬᠡᠰᠢᠶᠡᠯ ᠲᠡᠢ ᠬᠡᠦᠬᠡᠳ ᠦᠨ ᠲᠣᠭ᠎ᠠ ᠥᠰᠴᠦ ᠪᠠᠶᠢᠭ᠎ᠠ ᠨᠢ ᠲᠧᠭᠨᠣᠯᠣᠭᠢ ᠶᠢᠨ ᠳᠡᠪᠰᠢᠯ ᠲᠡᠢ ᠬᠣᠯᠪᠣᠭ᠎ᠠ ᠲᠠᠢ ᠭᠡᠵᠦ ᠬᠡᠯᠡᠵᠦ ᠪᠣᠯᠤᠨ᠎ᠠ᠃ ᠲᠣᠭ᠎ᠠ ᠪᠠᠷᠢᠮᠲᠠ ᠳᠤᠷᠠᠳᠪᠠᠯ᠂ ᠳᠡᠯᠡᠬᠡᠢ ᠳᠡᠭᠡᠷ᠎ᠡ 360 ᠰᠠᠶ᠎ᠠ ᠬᠦᠮᠦᠨ ᠰᠣᠨᠣᠰᠬᠠᠯ ᠤᠨ ᠪᠡᠷᠬᠡᠰᠢᠶᠡᠯ ᠲᠡᠢ ᠠᠮᠢᠳᠤᠷᠠᠵᠤ ᠪᠠᠶᠢᠭ᠎ᠠ ᠠᠴᠠ 32 ᠰᠠᠶ᠎ᠠ ᠨᠢ ᠬᠡᠦᠬᠡᠳ ᠦᠳ ᠪᠠᠶᠢᠨ᠎ᠠ᠃ ᠳᠡᠭᠡᠷ᠎ᠡ ᠳᠤᠷᠠᠳᠤᠭᠰᠠᠨ ᠬᠡᠦᠬᠡᠳ ᠦᠳ ᠦᠨ 60 ᠬᠤᠪᠢ ᠵᠢ ᠰᠣᠨᠣᠰᠬᠠᠯ ᠪᠠᠭᠤᠷᠠᠯᠲᠠ ᠠᠴᠠ ᠤᠷᠢᠳᠴᠢᠯᠠᠨ ᠰᠡᠷᠭᠡᠶᠢᠯᠡᠬᠦ ᠪᠣᠯᠤᠮᠵᠢ ᠲᠠᠢ ᠭᠡᠵᠦ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠭ᠎ᠠ ᠦᠵᠡᠵᠦ ᠪᠤᠢ᠃

    ᠬᠦᠮᠦᠨ ᠲᠥᠷᠦᠯᠬᠢᠲᠡᠨ ᠶᠢᠷᠲᠢᠨᠴᠦ ᠶᠢ ᠲᠠᠨᠢᠵᠤ᠂ ᠣᠶᠢᠯᠠᠭᠠᠵᠤ ᠮᠡᠳᠡᠬᠦ ᠠᠷᠭ᠎ᠠ ᠵᠠᠮ ᠨᠢ ᠬᠠᠷᠠᠬᠤ᠂ ᠰᠣᠨᠣᠰᠬᠤ᠂ ᠠᠮᠲᠠᠯᠠᠬᠤ᠂ ᠦᠨᠦᠷᠯᠡᠬᠦ᠂ ᠬᠦᠷᠦᠯᠴᠡᠬᠦᠢ ᠶᠢᠨ ᠮᠡᠳᠡᠷᠡᠬᠦᠢ ᠳᠡᠭᠡᠷ᠎ᠡ ᠲᠤᠯᠭᠠᠭᠤᠷᠢᠯᠠᠳᠠᠭ᠃ ᠡᠳᠡᠭᠡᠷ ᠡᠴᠡ ᠰᠤᠨᠤᠰᠬᠤ ᠮᠡᠳᠡᠷᠡᠬᠦᠢ ᠨᠢ ᠬᠦᠮᠦᠰ ᠲᠤ ᠡᠳᠦᠷ ᠲᠤᠲᠤᠮ ᠪᠤᠰᠤᠳ ᠲᠠᠢ ᠪᠠᠨ ᠬᠠᠷᠢᠯᠴᠠᠭ᠎ᠠ ᠬᠣᠯᠪᠣᠭ᠎ᠠ ᠲᠣᠭᠲᠠᠭᠠᠬᠤ᠂ ᠠᠶᠤᠯ ᠢ ᠠᠩᠬᠠᠷᠤᠭᠤᠯᠬᠤ᠂ ᠨᠡᠶᠢᠭᠡᠮ ᠤᠨ ᠬᠠᠷᠢᠯᠴᠠᠭᠠᠨ ᠳᠤ ᠤᠷᠤᠯᠴᠠᠬᠤ ᠪᠣᠯᠤᠮᠵᠢ ᠶᠢ ᠣᠯᠭᠤᠳᠠᠭ ᠠᠮᠢᠳᠤᠷᠠᠯ ᠢ ᠲᠠᠨᠢᠵᠤ ᠮᠡᠳᠡᠬᠦ ᠬᠠᠷᠢᠯᠴᠠᠭᠠᠨ ᠤ ᠦᠨᠳᠦᠰᠦᠨ ᠰᠠᠭᠤᠷᠢ ᠶᠤᠮ᠃ ᠲᠡᠶᠢᠮᠦ ᠡᠴᠡ ᠰᠣᠨᠣᠰᠬᠤ ᠮᠡᠳᠡᠷᠡᠬᠦᠢ ᠪᠡᠨ ᠬᠠᠶᠢᠷᠠᠯᠠᠬᠤ ᠬᠡᠷᠡᠭᠲᠡᠢ᠃

    ᠡᠨᠡ ᠡᠮᠭᠡᠭ ᠡᠴᠡ ᠤᠷᠢᠳᠴᠢᠯᠠᠨ ᠰᠡᠷᠭᠡᠶᠢᠯᠡᠵᠦ᠂ ᠡᠷᠲᠡ ᠢᠯᠡᠷᠡᠭᠦᠯᠵᠦ᠂ ᠵᠣᠬᠢᠬᠤ ᠠᠷᠭ᠎ᠠ ᠬᠡᠮᠵᠢᠶ᠎ᠡ ᠶᠢ ᠠᠪᠤᠭᠰᠠᠨ ᠢᠶᠠᠷ ᠬᠡᠦᠬᠡᠳ ᠦᠨ ᠬᠡᠯᠡ ᠶᠠᠷᠢᠶᠠᠨ ᠤ ᠬᠥᠭ᠍ᠵᠢᠯ ᠰᠠᠭᠠᠲᠠᠬᠤ᠂ ᠰᠠᠭᠤᠷᠢ ᠪᠣᠯᠪᠠᠰᠤᠷᠠᠯ ᠡᠵᠡᠮᠰᠢᠵᠦ ᠴᠢᠳᠠᠬᠤ ᠦᠭᠡᠢ ᠪᠠᠶᠢᠬᠤ᠂ ᠨᠡᠶᠢᠭᠡᠮ ᠡᠴᠡ ᠭᠠᠳᠠᠭᠤᠷᠬᠠᠭᠳᠠᠬᠤ ᠵᠡᠷᠭᠡ ᠰᠥᠷᠭᠦ ᠦᠷ᠎ᠡ ᠳᠠᠭᠠᠪᠤᠷᠢ ᠦᠭᠡᠢ ᠪᠣᠯᠬᠤ ᠶᠤᠮ᠃

    ᠰᠣᠨᠣᠰᠬᠠᠯ ᠪᠠᠭᠤᠷᠠᠯᠲᠠ ᠠᠴᠠ ᠤᠷᠢᠳᠴᠢᠯᠠᠨ ᠰᠡᠷᠭᠡᠶᠢᠯᠡᠵᠦ᠂ ᠡᠷᠲᠡ ᠢᠯᠡᠷᠡᠭᠦᠯᠵᠦ ᠠᠮᠢᠳᠤᠷᠠᠯ ᠢ ᠲᠠᠨᠢᠵᠤ ᠮᠡᠳᠡᠬᠦ ᠬᠠᠷᠢᠯᠴᠠᠭᠠᠨ ᠤ ᠦᠨᠳᠦᠰᠦᠨ ᠰᠠᠭᠤᠷᠢ ᠪᠣᠯᠤᠭᠰᠠᠨ ᠬᠡᠦᠬᠡᠳ ᠦᠨ ᠢᠶᠡᠨ ᠰᠣᠨᠣᠰᠬᠠᠯ ᠢ ᠬᠠᠮᠠᠭᠠᠯᠠᠵᠠᠭᠠᠶ᠎ᠠ ᠭᠡᠰᠡᠨ ᠤᠷᠢᠶᠠᠯᠭ᠎ᠠ ᠶᠢ ᠡᠷᠡᠭᠦᠯ ᠮᠡᠨᠳᠦ ᠶᠢᠨ ᠭᠠᠵᠠᠷ ᠠᠴᠠ ᠡᠴᠢᠭᠡ ᠡᠬᠡ᠂ ᠠᠰᠠᠷᠠᠨ ᠬᠠᠮᠠᠭᠠᠯᠠᠭᠴᠢᠳ ᠲᠤ ᠳᠡᠪᠰᠢᠭᠦᠯᠵᠦ ᠪᠠᠶᠢᠨ᠎ᠠ᠃

    ᠴᠢᠬᠢᠪᠴᠢᠨ ᠦ ᠵᠦᠢ ᠵᠣᠬᠢᠰᠲᠠᠢ ᠬᠡᠷᠡᠭᠯᠡᠭᠡ ᠶᠢ ᠬᠡᠦᠬᠡᠳ ᠦᠳ ᠲᠡᠭᠡᠨ ᠦᠯᠢᠭᠡᠷᠯᠡᠬᠦ ᠨᠢ ᠰᠣᠨᠣᠰᠬᠠᠯ ᠪᠠᠭᠤᠷᠠᠬᠤ᠂ ᠰᠣᠨᠣᠰᠬᠠᠯ ᠤᠨ ᠪᠡᠷᠬᠡᠰᠢᠶᠡᠯ ᠲᠡᠢ ᠪᠣᠯᠬᠤ ᠠᠴᠠ ᠤᠷᠢᠳᠴᠢᠯᠠᠨ ᠰᠡᠷᠭᠡᠶᠢᠯᠡᠬᠦ ᠠᠷᠭ᠎ᠠ ᠶᠤᠮ᠃ ᠴᠢᠬᠢᠪᠴᠢᠨ ᠦ ᠬᠥᠭ᠍ᠵ᠍᠍ᠢᠮ ᠡᠴᠡ ᠰᠢᠯᠲᠠᠭᠠᠯᠠᠭᠰᠠᠨ ᠰᠣᠨᠣᠰᠬᠠᠯ ᠰᠡᠷᠭᠦᠳᠡᠭ ᠦᠭᠡᠢ ᠪᠥᠭᠡᠳ ᠴᠢᠬᠢᠪᠴᠢᠨ ᠡᠴᠡ ᠴᠢᠬᠢᠨ ᠦ ᠠᠫᠫᠠᠷᠠᠲ ᠤᠷᠤᠭᠤ ᠰᠢᠯᠵᠢᠬᠦ ᠦᠭᠡᠢ ᠶᠢᠨ ᠲᠤᠯᠠᠳᠠ ᠶᠠᠭ ᠣᠳᠤᠬᠠᠨ ᠠᠴᠠ ᠳᠠᠷᠠᠭᠠᠬᠢ ᠵᠥᠪᠯᠡᠮᠵᠢ ᠶᠢ ᠳᠠᠭᠠᠵᠤ᠂ ᠦᠷ᠎ᠡ ᠬᠡᠦᠬᠡᠳ ᠦᠳ ᠲᠡᠭᠡᠨ ᠵᠢᠭᠠᠵᠤ ᠰᠤᠷᠭᠠᠭᠠᠷᠠᠢ᠃

    ᠳᠡᠯᠡᠬᠡᠢ ᠶᠢᠨ ᠡᠷᠡᠬᠦᠯ ᠮᠡᠨᠲᠤ ᠶᠢᠨ ᠪᠠᠶᠢᠭᠤᠯᠤᠯᠭ᠎ᠠ ᠡᠴᠡ ᠭᠠᠷᠭᠠᠬᠰᠠᠨ ᠰᠤᠳᠤᠯᠭᠠᠨ ᠢᠶᠡᠷ᠂ ᠦᠰᠪᠦᠷᠢ ᠦᠶ᠎ᠡ ᠶᠢᠨ ᠬᠢᠨ 46 ᠬᠤᠪᠢ ᠶᠢᠨ ᠰᠤᠨᠤᠰᠬᠠᠯ ᠮᠠᠭᠤᠳᠠᠬᠤ ᠲᠡᠮᠳᠡᠭ ᠢᠯᠡᠷᠡᠵᠡᠢ᠃ ᠵᠢᠷᠭᠤᠭᠠᠨ ᠬᠦᠮᠦᠨ ᠤ ᠳᠤᠮᠳᠠ ᠨᠢᠭᠡ ᠴᠢᠬᠢᠪᠴᠢᠨ ᠡᠴᠡ ᠰᠢᠯᠲᠠᠭᠠᠯᠠᠬᠳᠠᠬᠰᠠᠨ ᠰᠤᠨᠤᠰᠬᠠᠯ ᠮᠠᠭᠤᠳᠠᠬᠤ ᠰᠢᠨᠵᠢ ᠳᠡᠮᠳᠡᠭ ᠢᠯᠡᠷᠡᠭᠰᠡᠨ ᠪᠠᠶᠢᠨ᠎ᠠ᠃ ᠲᠡᠭᠡᠪᠡᠯ ᠴᠢᠬᠢᠪᠴᠢ ᠵᠢ ᠬᠡᠷᠬᠢᠨ ᠵᠦᠪ ᠠᠰᠢᠬᠯᠠᠬᠤ ᠪᠤᠢ? ᠨᠢᠭᠡ ᠤᠳᠠᠭ᠎ᠠ ᠳᠤ 15 ᠮᠢᠨᠤᠲ᠋ ᠬᠡᠷᠡᠭᠯᠡᠪᠡᠯ ᠠᠮᠠᠷᠬᠤ ᠴᠢᠬᠤᠯᠠᠲᠠᠢ᠃ ᠳᠠᠭᠤᠨ ᠤ ᠲᠦᠪᠰᠢᠨ ᠤ ᠭᠤᠷᠪᠠᠨ ᠤ ᠨᠢᠭᠡ ᠬᠡᠮᠵᠢᠶᠡᠲᠡᠢ ᠰᠤᠨᠤᠰᠬᠤ ᠬᠡᠷᠡᠭᠲᠡᠢ᠃ ᠴᠢᠬᠢᠪᠴᠢ ᠪᠠᠨ ᠪᠤᠰᠤᠳ ᠲᠠᠢ ᠬᠤᠪᠢᠶᠠᠯᠴᠠᠵᠦ ᠬᠡᠷᠡᠭᠯᠡᠵᠦ ᠪᠤᠯᠬᠤ ᠦᠭᠡᠢ᠃

ᠢᠷᠡᠯᠳᠡ᠄ GOGO.MN ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118293875