蒙古文网站Logo
ᠰᠢᠨᠬᠤᠸᠠ ᠮᠤᠩᠭ᠋ᠤᠯ ᠨᠧᠲ

ᠡᠮ ᠡᠮᠨᠡᠯᠭᠡ ᠶᠢᠨ ᠦᠭᠡᠷᠡᠴᠢᠯᠡᠯᠲᠡ ᠠᠷᠠᠳ ᠲᠤ ᠠᠰᠢᠬ ᠬᠦᠷᠲᠡᠭᠡᠨ᠎ᠡ

2016-03-14 09:51

    ᠶᠡᠷᠦᠩᠬᠡᠢ ᠰᠠᠶᠢᠳ ᠯᠢ ᠺᠧ ᠴᠢᠶᠠᠩ ᠤᠨ ᠬᠢᠭ᠍ᠰᠡᠨᠵᠠᠰᠠᠬ ᠤᠨ ᠤᠷᠳᠤᠨ ᠤ ᠠᠵᠢᠯ ᠤᠨ ᠢᠯᠡᠳᠬᠡᠯ》 ᠳ᠋ᠤ ᠡᠮ ᠡᠮᠨᠡᠯᠭᠡ ᠶᠢᠨ ᠦᠭᠡᠷᠡᠴᠢᠯᠡᠯᠲᠡ ᠵᠢ ᠭᠦᠨᠵᠡᠭᠡᠶᠢᠷᠡᠭᠦᠯᠬᠦ ᠵᠢ ᠳᠠᠭᠠᠯᠳᠤᠨ᠂ ᠬᠦᠨᠳᠦ ᠡᠪᠡᠳᠴᠢᠨ ᠤ ᠳᠠᠭᠠᠳᠬᠠᠯ ᠢ ᠤᠯᠤᠰ ᠤᠨ ᠬᠡᠪᠴᠢᠶᠡᠨ ᠳᠤ ᠪᠦᠷᠬᠦᠭᠦᠯᠵᠦ᠂ ᠵᠠᠰᠠᠬ ᠤᠨ ᠤᠷᠳᠤᠨ ᠤ ᠪᠡᠯᠡ ᠤᠷᠤᠭᠤᠯᠤᠯᠲᠠ ᠪᠠᠨ ᠨᠡᠮᠡᠭᠳᠡᠭᠦᠯᠵᠦ᠂ ᠨᠡᠩ ᠤᠯᠠᠨ ᠬᠦᠨᠲᠤ ᠡᠪᠡᠳᠴᠢᠨ ᠤ ᠳᠠᠷᠤᠭᠠᠰᠤ ᠵᠢ ᠬᠦᠩᠭᠡᠷᠡᠭᠦᠯᠦᠨ᠎ᠡ ᠭᠡᠵᠦ ᠳᠤᠷᠠᠳᠴᠠᠢ᠃

    《ᠦᠷᠢ ᠦᠭᠡᠢ ᠪᠤᠯ ᠪᠠᠶᠠᠠ᠂ ᠡᠪᠡᠳᠴᠢᠨ ᠦᠭᠡᠢ ᠦᠭᠡᠢ ᠪᠤᠯ ᠵᠢᠷᠭᠠᠯᠬᠡᠭ᠍ᠴᠢ ᠪᠡᠷ ᠬᠡᠴᠢᠨᠡᠨ ᠬᠦᠮᠦᠰ ᠡᠪᠡᠳᠴᠢᠨ ᠡᠮᠭᠡᠭ ᠲᠤ ᠪᠠᠷᠢᠬᠳᠠᠨ ᠲᠠᠷᠴᠢᠯᠠᠭᠠᠬᠳᠠᠵᠦ᠂ ᠠᠳᠠᠯ ᠠᠮᠢᠳᠤᠷᠠᠯ ᠨᠢ ᠬᠤᠭᠤᠰᠤᠷᠠᠨ ᠶᠠᠳᠠᠭᠤᠷᠠᠵᠦ ᠪᠠᠶᠢᠬᠤ ᠵᠢᠱᠢᠶ᠎ᠠ ᠮᠠᠨ ᠤ ᠳᠡᠷᠭᠡᠲᠡ ᠮᠤᠩ ᠦᠭᠡᠢ᠃ ᠨᠡᠩ ᠢᠯᠠᠩᠭ᠋ᠤᠶ᠎ᠠ ᠬᠦᠳᠡᠭᠡ ᠶᠢᠨ ᠨᠢᠮᠭᠡᠨ ᠤᠷᠤᠯᠭ᠎ᠠ ᠲᠠᠢ ᠭᠡᠷ ᠪᠦᠯᠢ ᠡᠪᠡᠳᠴᠢᠨ ᠵᠤᠪᠠᠯᠠᠩ ᠳᠤ ᠤᠴᠠᠷᠠᠬᠰᠠᠭᠠᠷ ᠶᠤᠰᠤᠲᠠᠢ ᠭᠠᠴᠢᠬᠳᠠᠵᠦ ᠲᠦᠪᠡᠭ᠍ᠳᠡᠬᠦ ᠶᠢᠨ ᠲᠦᠢᠯ ᠳᠤ ᠲᠤᠯᠳᠠᠬ ᠡᠴᠡ ᠠᠷᠭ᠎ᠠ ᠪᠤᠰᠤ ᠨᠡᠶᠢᠭᠡᠮ ᠨᠡᠶᠢᠲᠡ ᠡᠴᠡ ᠲᠤᠰᠠᠯᠠᠮᠵᠢ ᠭᠤᠶᠤᠳᠠᠬ ᠮᠡᠳᠡᠭᠡ ᠵᠢ ᠪᠢᠳᠡ ᠰᠤᠨᠢᠨ ᠰᠡᠳᠬᠦᠯ ᠪᠤᠶᠤ ᠡᠯ᠎ᠡ ᠵᠠᠭᠤᠴᠢᠯᠠᠭᠤᠷ ᠡᠴᠡ ᠳᠠᠩᠳᠠ ᠤᠯᠵᠦ ᠬᠠᠷᠠᠳᠠᠬ᠃

    ᠬᠦᠨᠳᠤ ᠡᠪᠳᠴᠢᠨ ᠡᠴᠡ ᠪᠤᠯᠵᠦ ᠡᠮ ᠡᠮᠨᠡᠯᠭᠡ ᠶᠢᠨ ᠵᠠᠷᠤᠳᠠᠯ  ᠢᠶᠡᠨ ᠡᠪᠯᠡᠭᠦᠯᠬᠦ ᠳᠤ ᠭᠠᠷ ᠨᠤᠬᠤᠯᠠᠨ ᠭᠠᠴᠢᠬᠳᠠᠬᠰᠠᠳ ᠲᠤ ᠤᠯᠤᠰ ᠡᠴᠡ ᠬᠦᠨᠳᠤ ᠡᠪᠡᠳᠴᠢᠨ ᠤ ᠳᠠᠭᠠᠳᠬᠠᠯ ᠢ ᠬᠡᠷᠡᠭᠵᠢᠭᠦᠯᠬᠦ ᠪᠤᠯᠤᠬᠰᠠᠨ᠂ ᠡᠮᠴᠢᠯᠡᠬᠦ ᠵᠠᠷᠤᠳᠠᠯ ᠢ ᠡᠮᠨᠡᠯᠭᠡ ᠶᠢᠨ ᠳᠠᠩᠰᠠ ᠡᠴᠡ ᠲᠠᠶᠢᠯᠵᠦ ᠦᠭᠬᠦ᠂ ᠡᠮᠴᠢᠯᠡᠬᠦ ᠵᠠᠷᠤᠳᠠᠯ ᠢ ᠳᠠᠩᠰᠠᠨ ᠡᠴᠡ ᠲᠠᠶᠢᠯᠵᠦ ᠦᠭᠬᠦ ᠬᠠᠷᠢᠴᠠᠯ ᠢ ᠵᠢᠯ ᠲᠤᠳᠤᠮ ᠨᠡᠮᠡᠭᠳᠡᠬᠦᠯᠵᠦ ᠪᠠᠶᠢᠬᠤ ᠮᠡᠲᠤ ᠶᠢᠨ ᠠᠷᠠᠳ ᠲᠤ ᠠᠰᠢᠬ ᠬᠦᠷᠲᠡᠬᠡᠬᠦ ᠪᠤᠳᠤᠯᠭ᠎ᠠ ᠨᠢ ᠶᠤᠰᠤᠲᠠᠢ ᠳᠠᠭᠠᠷᠠᠬᠰᠠᠨ ᠬᠦᠮᠦᠰ ᠲᠤ ᠳᠠᠬᠤ ᠬᠦᠷᠭᠡᠭ᠍ᠰᠡᠨ ᠶᠠᠪᠤᠳᠠᠯ ᠪᠤᠯᠵᠠᠢ᠃ ᠡᠨᠡ ᠨᠢ ᠮᠦᠨᠴᠦ ᠳᠡᠳᠡᠨ ᠤ ᠠᠮᠢᠳᠤᠷᠠᠯ ᠤᠨ ᠳᠠᠷᠤᠭᠠᠰᠤ ᠵᠢ ᠬᠦᠩᠭᠡᠯᠡᠵᠦ᠂ ᠨᠠᠮ ᠵᠠᠰᠠᠬ ᠤᠨ ᠬᠠᠶᠢᠷ᠎ᠠ ᠬᠠᠯᠠᠮᠵᠮᠢ ᠵᠢ ᠦᠷᠭᠡᠨ ᠤᠯᠠᠨ ᠠᠷᠠᠳ ᠲᠦᠮᠡᠨ ᠳᠤ ᠬᠦᠷᠭᠡᠵᠦ᠂ ᠳᠡᠳᠡᠨ ᠤ ᠵᠤᠯ ᠵᠢᠷᠭᠠᠯ ᠤᠨ ᠬᠦᠷᠲᠡᠭᠡᠯ ᠤᠨ ᠮᠡᠳᠡᠷᠡᠮᠵᠢ ᠵᠢ ᠤᠯᠠᠮ ᠢᠶᠡᠷ ᠨᠡᠮᠡᠭᠳᠡᠬᠦᠯᠵᠦ ᠪᠠᠶᠢᠭ᠎ᠠ ᠰᠠᠶᠢᠨ ᠶᠠᠪᠤᠳᠠᠯ ᠪᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠤᠨᠭᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118320372