蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠬᠡᠪᠴᠢᠶᠡᠨ ᠳᠤ ᠡᠮᠴᠢᠯᠡᠭᠡᠨ ᠤ ᠳᠠᠭᠠᠳᠬᠠᠯ ᠤᠨ ᠰᠦᠯᠵᠢᠶ᠎ᠡ ᠪᠠᠶᠢᠭᠤᠯᠬᠤ ᠵᠢ ᠠᠬᠢᠭᠤᠯᠬᠤ ᠬᠦᠴᠦᠯᠡᠴᠡ ᠪᠠᠨ ᠴᠢᠨᠭᠭᠠᠳᠬᠠᠵᠦ ᠪᠤᠢ

2016-03-18 10:27

    3 ᠰᠠᠷ᠎ᠡ ᠶᠢᠨ 16 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠦᠷᠪᠡᠳᠦᠭᠡᠷ ᠬᠤᠷᠠᠯ ᠲᠡᠭᠦᠰᠦᠭᠰᠡᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠢᠢᠳ ᠯᠢ ᠺᠸ ᠴᠢᠶᠠᠩ ᠠᠷᠠᠳ ᠤᠨ ᠶᠡᠬᠡ ᠬᠤᠷᠠᠯ ᠤᠨ ᠲᠠᠩᠬᠢᠮ ᠳᠤ ᠤᠯᠤᠰ ᠤᠨ ᠳᠤᠲᠤᠭᠠᠳᠤ ᠭᠠᠳᠠᠭᠠᠳᠤ ᠶᠢᠨ ᠰᠤᠷᠪᠤᠯᠵᠢᠯᠠᠬᠴᠢᠳ ᠲᠠᠢ ᠠᠭᠤᠯᠵᠠᠵᠦ᠂ ᠲᠡᠳᠡᠨ ᠤ ᠠᠰᠠᠭᠤᠯᠲᠠ ᠵᠢ ᠬᠠᠷᠢᠭᠤᠯᠤᠬᠰᠠᠨ ᠪᠠᠢᠢᠯ᠎ᠠ᠃

    ᠬᠦᠮᠦᠰ ᠤᠨ ᠠᠨᠭᠬᠠᠷᠴᠤ ᠪᠦᠬᠦᠢ ᠤᠯᠤᠰ ᠤᠨ ᠬᠡᠪᠴᠢᠶᠡᠨ ᠳᠤ ᠡᠮᠴᠢᠯᠡᠭᠡᠨ ᠤ ᠳᠠᠭᠠᠳᠬᠠᠯ ᠤᠨ ᠰᠦᠯᠵᠢᠶ᠎ᠡ ᠪᠠᠶᠢᠭᠤᠯᠬᠤ ᠵᠢ ᠠᠬᠢᠭᠤᠯᠬᠤ ᠠᠰᠠᠭᠤᠳᠠᠯ ᠳᠤ ᠬᠠᠨᠳᠤᠭᠤᠯᠤᠨ᠂ ᠯᠢ ᠺᠸ ᠴᠢᠶᠠᠩ᠄ ᠨᠠᠰᠤᠲᠠᠶᠢᠴᠤᠳ ᠳᠡᠳᠬᠦᠪᠦᠷᠢ ᠳᠤ ᠭᠠᠷᠤᠬᠰᠠᠨ ᠤ ᠪᠠᠨ ᠳᠠᠷᠠᠭ᠎ᠠ᠂ ᠦᠭᠡᠷ᠎ᠡ ᠨᠤᠲᠤᠬ ᠲᠤ ᠬᠦᠷᠴᠦ ᠦᠷ᠎ᠡ ᠬᠡᠦᠬᠡᠳ ᠲᠠᠢ ᠪᠠᠨ ᠬᠠᠮᠲᠤ ᠠᠮᠢᠳᠤᠷᠠᠳᠠᠬ᠃ ᠭᠡᠪᠡᠴᠦ ᠡᠪᠡᠳᠴᠦ ᠡᠮᠨᠡᠯᠭᠡ ᠳᠤ ᠰᠠᠭᠤᠪᠠᠯ ᠪᠠᠶᠢᠭᠤᠯᠭ᠎ᠠ ᠶᠢᠨ ᠶᠢᠡᠨ ᠪᠠᠶᠢᠭ᠎ᠠ ᠭᠠᠵᠠᠷ ᠲᠦ ᠤᠴᠢᠵᠤ ᠵᠠᠷᠤᠳᠠᠯ ᠢᠶᠡᠨ ᠭᠠᠷᠭᠠᠭᠤᠯᠤᠨ᠎ᠠ᠃ ᠪᠤᠰᠤᠳ ᠭᠠᠵᠠᠷ ᠲᠠᠩᠰᠠ ᠪᠠᠨ ᠴᠠᠶᠢᠷᠠᠭᠤᠯᠬᠤ ᠤᠴᠢᠷ  ᠲᠤ ᠠᠬᠢᠵᠦ ᠬᠦᠮᠦᠰ  ᠢ ᠲᠡᠪᠳᠡᠭᠦᠯᠵᠤ ᠪᠤᠯᠬᠤ ᠦᠭᠡᠢ᠃ ᠵᠠᠰᠠᠬ ᠤᠨ ᠤᠷᠳᠤᠨ ᠡᠴᠡ ᠨᠢᠭᠡᠨᠲᠡ ᠤᠯᠤᠰ ᠤᠨ ᠬᠡᠪᠴᠢᠶᠡᠨ ᠳᠤ ᠡᠮᠴᠢᠯᠡᠭᠡᠨ ᠤ ᠳᠠᠭᠠᠳᠬᠠᠯ ᠤᠨ ᠰᠦᠯᠵᠢᠶ᠎ᠡ ᠪᠠᠶᠢᠭᠤᠯᠬᠤ ᠵᠢ ᠠᠬᠢᠭᠤᠯᠬᠤ ᠪᠡᠷ ᠲᠤᠬᠳᠠᠪᠠ᠃ ᠬᠠᠮᠢᠶ᠎ᠠ ᠪᠦᠬᠦᠢ ᠪᠠᠶᠢᠭᠤᠯᠭ᠎ᠠ ᠬᠦᠴᠦᠯᠡᠴᠡ ᠪᠠᠨ ᠴᠢᠨᠭᠭᠠᠳᠬᠠᠨ᠂ ᠦᠨᠦ ᠵᠢᠯ ᠮᠤᠵᠢ ᠶᠢᠨ ᠶᠢᠡᠨ ᠬᠡᠪᠴᠢᠶᠡᠨ ᠳᠤ ᠪᠤᠰᠤᠳ ᠭᠠᠵᠠᠷ ᠡᠮᠨᠡᠭᠦᠯᠦᠭᠰᠡᠨ ᠳᠠᠩᠰᠠ ᠶᠢ ᠴᠠᠶᠢᠷᠠᠭᠤᠯᠬᠤ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠤᠶᠠᠷ ᠵᠢᠯ ᠤᠨ ᠲᠤᠳᠤᠷ᠎ᠠ ᠮᠤᠵᠢ  ᠶᠢᠨ ᠭᠠᠳᠠᠨ᠎ᠠ ᠡᠮᠨᠡᠭᠦᠯᠦᠭᠰᠡᠨ ᠳᠠᠩᠰᠠ ᠪᠠᠨ ᠲᠤᠬᠠᠢ ᠶᠢᠨ ᠭᠠᠵᠠᠷ ᠲᠤᠨᠢ ᠴᠠᠶᠢᠷᠠᠭᠤᠯᠵᠦ ᠪᠤᠯᠬᠤ ᠵᠢ ᠪᠡᠶᠡᠯᠡᠭᠦᠯᠦᠨ᠎ᠡ ᠭᠡᠵᠡᠢ᠃ (ᠰᠤᠷᠪᠤᠯᠵᠢᠯᠠᠬᠴᠢ ᠯᠢᠦ ᡁᠢ ᠶᠦ᠋ᠩ)

ᠢᠷᠡᠯᠳᠡ᠄ ᠡᠷᠡᠭᠦᠯ ᠮᠡᠨᠳᠤ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118371768