蒙古文网站Logo
ᠰᠢᠨᠬᠤᠸᠠ ᠮᠤᠩᠭ᠋ᠤᠯ ᠨᠧᠲ

ᠡᠮᠡᠭᠲᠡᠢᠢᠴᠤᠳ ᠪᠦᠳᠦᠭᠦᠨ ᠭᠡᠳᠡᠰᠦᠨ ᠤ ᠦᠮᠡᠨ ᠳᠤ ᠨᠡᠷᠪᠡᠭ᠍ᠳᠡᠬᠦ ᠡᠴᠡ ᠰᠡᠷᠭᠡᠶᠢᠯᠡᠶ᠎ᠡ

2016-03-18 17:29

    ᠶᠠᠫᠤᠨ ᠤ Livedoor ᠰᠤᠨᠢᠨ ᠮᠡᠳᠡᠭᠡᠨ ᠤ ᠨᠸᠲ ᠤᠨ 3 ᠰᠠᠷ᠎ᠡ ᠶᠢᠨ 14 ᠤ ᠡᠳᠦᠷ ᠤᠨ ᠴᠠᠬᠢᠯᠭᠠᠨ ᠮᠡᠳᠡᠭᠡ ᠵᠢ ᠦᠨᠳᠦᠰᠦᠯᠡᠪᠡᠯ᠂ 2013 ᠤᠨ ᠳᠤ ᠡᠮᠡᠭᠲᠡᠶᠢᠴᠤᠳ ᠤᠨ ᠠᠮᠢ  ᠵᠢ ᠬᠠᠮᠤᠬ ᠤᠨ ᠤᠯᠠᠨ ᠬᠤᠷᠤᠭᠠᠬᠰᠠᠨ ᠦᠮᠡᠨ ᠡᠪᠡᠳᠴᠢᠨ ᠪᠤᠯ ᠳᠠᠷᠦᠢ ᠪᠦᠳᠦᠭᠦᠨ ᠭᠡᠳᠡᠰᠦᠨ ᠤ ᠦᠮᠡᠨ ᠪᠤᠯᠤᠨ᠎ᠠ᠃

    ᠪᠦᠳᠦᠭᠦᠨ ᠭᠡᠳᠡᠰᠦᠨ ᠤ ᠦᠮᠡᠨ ᠪᠤᠯ ᠦᠷᠭᠦᠯᠵᠢ ᠲᠤᠬᠢᠶᠠᠯᠳᠤᠳᠠᠬ ᠬᠤᠤᠷᠲᠤ ᠬᠠᠪᠤᠳᠠᠷ ᠶᠤᠮ᠃ ᠲᠡᠭᠦᠨ ᠤ ᠡᠭᠦᠰᠬᠦ ᠨᠢ ᠠᠮᠢᠳᠤᠷᠠᠯ ᠤᠨ ᠬᠡᠯᠪᠡᠷᠢ᠂ ᠤᠳᠤᠮᠰᠢᠯ᠂ ᠪᠦᠳᠦᠭᠦᠨ ᠭᠡᠳᠡᠰᠦᠨ ᠤ ᠪᠤᠯᠴᠢᠷᠬᠠᠢ ᠶᠢᠨ ᠬᠠᠪᠤᠳᠠᠷ ᠵᠡᠷᠭᠡ ᠲᠠᠢ ᠨᠢᠬᠲᠠ ᠬᠠᠷᠢᠴᠠᠭ᠎ᠠ ᠲᠠᠢ᠃ ᠬᠤᠤᠷᠲᠤ ᠴᠢᠨᠠᠷ ᠢᠶᠡᠷ ᠬᠠᠮᠤᠬ ᠤᠨ ᠶᠡᠬᠡ ᠪᠦᠳᠦᠭᠦᠨ ᠬᠡᠳᠡᠰᠦᠨ ᠤ ᠦᠮᠡᠨ ᠢ ᠰᠡᠷᠭᠡᠶᠢᠯᠡᠬᠦ ᠨᠢ ᠮᠠᠰᠢ ᠴᠢᠬᠤᠯᠠ ᠶᠤᠮ᠃ ᠶᠠᠫᠤᠨ ᠤ ᠬᠡᠪᠯᠡᠯ ᠮᠡᠳᠡᠭᠡᠯᠡᠯ ᠤᠨ ᠬᠢᠨ ᠠᠮᠸᠷᠢᠺᠠ ᠶᠢᠨ ᠤᠯᠤᠰ ᠤᠨ ᠦᠮᠡᠨ ᠤ ᠰᠤᠳᠤᠯᠤᠯ ᠤᠨ ᠭᠠᠵᠠᠷ ᠤᠨ ᠰᠤᠳᠤᠯᠭᠠᠨ ᠳᠤ ᠰᠠᠭᠤᠷᠢᠯᠠᠵᠦ᠂ ᠪᠦᠳᠦᠭᠦᠨ ᠭᠡᠳᠡᠰᠦᠨ ᠤ ᠦᠮᠡᠨ ᠡᠭᠦᠰᠭᠡᠵᠦ ᠮᠡᠳᠡᠬᠦ ᠬᠡᠳᠦᠨ ᠳᠠᠳᠬᠠᠯ ᠢ ᠲᠠᠨᠢᠯᠴᠠᠭᠤᠯᠪᠠ᠃

    ᠨᠢᠭᠡ᠂ ᠠᠷᠢᠬᠢ ᠬᠡᠳᠦᠷᠡᠬᠡᠢ ᠤᠤᠭᠤᠬᠤ

    ᠠᠷᠢᠬᠢ ᠬᠡᠳᠦᠷᠡᠬᠡᠢ ᠤᠤᠭᠤᠬᠤ ᠨᠢ ᠡᠮᠡᠭᠲᠡᠶᠢᠴᠤᠳ ᠤᠨ ᠪᠦᠳᠦᠭᠦᠨ ᠭᠡᠳᠡᠰᠦᠨ ᠤ ᠦᠮᠡᠨ ᠤᠯᠬᠤ ᠬᠠᠷᠢᠴᠠᠯ ᠢ ᠨᠡᠮᠡᠭᠳᠡᠭᠦᠯᠦᠨ᠎ᠡ᠃ ᠡᠳᠦᠷ ᠪᠦᠷᠢ 3 ᠬᠤᠨᠳᠠᠭ᠎ᠠ ᠡᠴᠡ ᠢᠯᠡᠭᠦᠦ ᠰᠫᠢᠷᠲ ᠪᠡᠶ᠎᠎ᠡ ᠳ᠋ᠡᠭᠡᠨ ᠰᠢᠩᠭᠡᠭᠡᠪᠡᠯ ᠠᠷᠢᠬᠢ ᠬᠡᠳᠦᠷᠡᠬᠡᠢ ᠤᠤᠭᠤᠬᠰᠠᠨ ᠳᠤ ᠲᠤᠭᠠᠴᠠᠬᠳᠠᠨ᠎ᠠ᠃

    ᠬᠤᠶᠠᠷ᠂ ᠲᠠᠮᠠᠬᠢ ᠲᠠᠲᠠᠬᠤ

    ᠤᠯᠠᠨ ᠤᠯᠤᠰ ᠤᠨ ᠦᠮᠡᠨ ᠤ ᠰᠤᠳᠤᠯᠭᠠᠨ ᠤ ᠪᠠᠶᠢᠭᠤᠯᠤᠮᠵᠢ ᠡᠴᠡ᠂ ᠤᠯᠠᠨ ᠵᠦᠢᠯ ᠤᠨ ᠦᠮᠡᠨ ᠡᠪᠡᠳᠴᠢᠨ ᠪᠦᠷ ᠲᠠᠮᠠᠬᠢ ᠲᠠᠲᠠᠬᠰᠠᠨ ᠲᠠᠢ ᠬᠤᠯᠪᠤᠭ᠎ᠠ ᠲᠠᠢ ᠭᠡᠵᠡᠢ᠃ ᠠᠮᠸᠷᠢᠺᠠ ᠶᠢᠨ ᠤᠯᠤᠰ ᠤᠨ ᠦᠮᠡᠨ ᠤ ᠰᠤᠳᠤᠯᠤᠯ ᠤᠨ ᠭᠠᠵᠠᠷ ᠡᠴᠡ᠂ ᠲᠠᠮᠠᠬᠢ ᠲᠠᠲᠠᠬᠤ ᠨᠢ ᠪᠦᠳᠦᠭᠦᠨ ᠭᠡᠳᠡᠰᠦᠨ ᠤ ᠦᠮᠡᠨ ᠤᠯᠬᠤ ᠬᠠᠷᠢᠴᠠᠯ ᠢ ᠦᠨᠳᠦᠷ ᠪᠤᠯᠭᠠᠨ᠎ᠠ ᠭᠡᠰᠡᠨ ᠪᠠᠶᠢᠨ᠎ᠠ᠃ ᠲᠡᠶᠢᠮᠦ ᠡᠴᠡ ᠡᠮᠡᠭᠲᠡᠶᠢᠴᠤᠳ ᠲᠠᠮᠠᠬᠢ ᠪᠠᠨ ᠵᠤᠬᠰᠤᠬᠤ ᠪᠤᠶᠤ ᠲᠠᠮᠠᠬᠢ ᠲᠠᠲᠠᠳᠠᠬ ᠬᠦᠮᠦᠰ ᠡᠴᠡ ᠬᠤᠯᠠᠬᠠᠨ ᠪᠠᠶᠢᠪᠠᠯ ᠵᠤᠬᠢᠨ᠎ᠠ᠃

    ᠭᠤᠷᠪᠠ᠂ ᠮᠠᠷᠢᠶ᠎ᠠ+ ᠬᠦᠳᠡᠯᠭᠡᠭᠡᠨ ᠳᠤ ᠤᠷᠤᠯᠴᠠᠬᠤ ᠦᠭᠡᠢ

    ᠤᠯᠠᠩᠭᠢ ᠰᠤᠳᠤᠯᠭᠠᠨ ᠤ ᠪᠠᠶᠢᠭᠤᠯᠤᠮᠵᠢ᠂ ᠮᠠᠷᠢᠶᠠᠯᠠᠬᠤ ᠨᠢ ᠪᠦᠳᠦᠭᠦᠨ ᠭᠡᠳᠡᠰᠦᠨ ᠤ ᠦᠮᠡᠨ ᠤᠯᠬᠤ ᠬᠠᠷᠢᠴᠠᠯ ᠢ ᠦᠨᠳᠦᠷ ᠪᠤᠯᠭᠠᠨ᠎ᠠ ᠭᠡᠵᠦ ᠪᠤᠢ᠃ ᠳᠡᠯᠡᠬᠡᠢ ᠶᠢᠨ ᠡᠷᠡᠭᠦᠯ ᠮᠡᠨᠳᠤ ᠶᠢᠨ ᠵᠤᠬᠢᠶᠠᠨ ᠪᠠᠶᠢᠭᠤᠯᠤᠯᠲᠠ (WHO) ᠡᠴᠡ ᠪᠦᠳᠦᠭᠦᠨ ᠬᠡᠳᠡᠰᠦᠨ ᠤ ᠦᠮᠡᠨ᠂ ᠤᠯᠠᠭᠠᠨ ᠬᠤᠭᠤᠯᠠᠢ ᠶᠢᠨ ᠦᠮᠡᠨ᠂ ᠬᠦᠬᠦᠨ ᠤ ᠦᠮᠡᠨ ᠵᠡᠷᠭᠡ ᠨᠢ ᠪᠦᠷ ᠬᠡᠳᠤ ᠮᠠᠷᠢᠶᠠᠯᠠᠬᠰᠨᠨ ᠪᠠ ᠲᠠᠮᠢᠷ ᠤᠨ ᠬᠦᠳᠡᠯᠭᠡᠭᠡᠨ ᠲᠤᠲᠠᠬᠰᠠᠨ ᠡᠴᠡ ᠪᠤᠯᠵᠠᠢ ᠭᠡᠪᠡ᠃

    ᠳᠦᠷᠪᠡ᠂ ᠮᠢᠬ᠎ᠠ ᠬᠡᠳᠦᠷᠡᠬᠡᠢ ᠢᠳᠡᠬᠦ

    ᠮᠢᠬᠠᠨ ᠤ ᠲᠦᠷᠦᠯ᠂ ᠰᠢᠷᠠᠮ᠂ ᠬᠢᠮ᠎ᠠ ᠵᠡᠷᠭᠡ ᠪᠤᠯᠪᠠᠰᠤᠷᠠᠭᠤᠯᠤᠬᠰᠠᠨ ᠮᠢᠬ᠎ᠠ ᠢᠳᠡᠬᠦ ᠨᠢ ᠪᠦᠳᠦᠭᠦᠨ ᠭᠡᠳᠡᠰᠦᠨ ᠤ ᠦᠮᠡᠨ ᠤᠯᠬᠤ ᠬᠠᠷᠢᠴᠠᠯ ᠢ ᠦᠨᠳᠦᠷ ᠪᠤᠯᠭᠠᠳᠠᠬ᠃ ᠶᠠᠫᠤᠨ ᠤ ᠤᠯᠤᠰ ᠤᠨ ᠦᠮᠡᠨ ᠤ ᠰᠤᠳᠤᠯᠤᠯ ᠤᠨ ᠲᠦᠪ ᠤᠨ ᠰᠤᠳᠤᠯᠭᠠᠨ ᠢᠶᠡᠷ᠂ ᠡᠳᠦᠷ ᠪᠦᠷᠢ ᠶᠢᠨ ᠮᠢᠬ᠎ᠡ ᠢᠳᠡᠬᠦ ᠬᠡᠮᠵᠢᠶ᠎ᠡ 100 ᠭ᠍ᠷᠠᠮ ᠪᠠᠢᠢᠪᠠᠯ ᠵᠤᠬᠢᠬᠤ ᠵᠢ ᠭᠡᠷᠡᠴᠢᠯᠡᠵᠡᠢ᠃

    ᠠᠮᠢᠳᠤᠷᠠᠯ ᠳᠤᠮᠳᠠᠬᠢ ᠨᠢᠭᠡᠨ ᠮᠠᠭᠤ ᠳᠠᠳᠭᠠᠯ ᠲᠠᠨ ᠢ ᠡᠪᠳᠴᠢᠨ ᠡᠮᠭᠡᠭ᠌ ᠲᠤ ᠨᠡᠷᠪᠡᠭ᠍ᠳᠡᠭᠦᠯᠵᠦ ᠮᠡᠳᠡᠨ᠎ᠡ᠃ ᠲᠡᠶᠢᠮᠦ ᠡᠴᠡ ᠵᠠᠪᠠᠯ ᠰᠠᠶᠢᠨ ᠰᠠᠶᠢᠬᠠᠨ ᠳᠠᠳᠭᠠᠯ ᠲᠠᠢ ᠪᠤᠯᠬᠤ ᠵᠢ ᠬᠢᠴᠢᠶᠡᠵᠦ᠂ ᠠᠷᠢᠬᠢ ᠲᠠᠮᠠᠬᠢᠨ ᠡᠴᠡ ᠬᠤᠯᠠᠳᠠᠨ᠂ ᠲᠠᠮᠢᠷ ᠤᠨ ᠬᠦᠳᠡᠯᠭᠡᠭᠡᠨ ᠳᠤ ᠢᠯᠡᠭᠦᠬᠡᠨ ᠤᠷᠤᠯᠴᠠᠵᠦ᠂ ᠰᠢᠮ᠎ᠡ ᠲᠠᠵᠢᠭᠡᠯ ᠢᠶᠡᠨ ᠵᠤᠬᠢᠴᠠᠭᠤᠯᠵᠦ ᠪᠠᠶᠢᠬᠤ ᠵᠢ ᠰᠠᠨᠠᠭᠤᠯᠤᠶ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118377867