蒙古文网站Logo
ᠰᠢᠨᠬᠤᠸᠠ ᠮᠤᠩᠭ᠋ᠤᠯ ᠨᠧᠲ

ᠪᠠᠲᠠᠭᠠᠨ᠎ᠠ ᠵᠢ ᠤᠰᠠᠳᠬᠠᠵᠦ ᠡᠪᠡᠳᠴᠢᠨ ᠢ ᠰᠡᠷᠭᠡᠶᠢᠯᠡᠶ᠎ᠡ

2016-03-23 10:50

    ᠡᠮᠦᠨᠡᠬᠡᠨ ᠰᠤᠷᠭᠠᠨ ᠬᠦᠮᠦᠵᠢᠯ ᠤᠨ ᠶᠠᠮᠤᠨ ᠮᠡᠳᠡᠭᠳᠡᠯ ᠨᠡᠶᠢᠲᠡᠯᠠᠵᠦ᠂ ᠡᠯ᠎ᠡ ᠭᠠᠵᠠᠷ  ᠤᠨ ᠰᠤᠷᠭᠠᠨ ᠬᠦᠮᠦᠵᠢᠯ ᠤᠨ ᠵᠠᠰᠠᠬ ᠵᠠᠬᠢᠷᠭᠠᠨ ᠤ ᠰᠠᠯᠪᠤᠷᠢ ᠪᠤᠯᠤᠨ ᠰᠤᠷᠭᠠᠭᠤᠯᠢ ᠶᠢᠨ ᠬᠢᠨ  ᠢ ᠤᠷᠤᠨ ᠨᠤᠲᠤᠬ ᠤᠨ ᠤᠯᠤᠰ ᠢᠶᠡᠨ ᠬᠠᠶᠢᠷᠠᠯᠠᠬᠤ ᠡᠷᠡᠭᠦᠯ ᠮᠡᠨᠳᠤ ᠶᠢᠨ ᠨᠡᠶᠢᠭᠡᠮᠯᠢᠭ᠌ ᠲᠠᠢ ᠬᠤᠯᠪᠤᠭᠠᠯᠠᠨ ᠰᠤᠷᠭᠠᠭᠤᠯᠢ ᠶᠢᠨ ᠬᠦᠷᠢᠶᠡᠨ ᠳᠤ ᠪᠠᠲᠠᠭᠠᠨ᠎ᠠ ᠤᠰᠠᠳᠬᠠᠵᠦ ᠡᠪᠡᠳᠴᠢᠨ ᠰᠡᠷᠭᠡᠶᠢᠯᠡᠬᠦ ᠤᠷᠴᠢᠨ ᠲᠤᠭᠤᠷᠢᠨ ᠡᠷᠡᠭᠦᠯ ᠮᠡᠨᠳᠤ ᠶᠢᠨ ᠴᠡᠭᠴᠡᠯᠡᠯᠲᠡ ᠶᠢᠨ ᠠᠵᠢᠯᠯᠠᠭ᠎ᠠ ᠦᠷᠨᠢᠭᠦᠯᠬᠦ ᠵᠢ ᠱᠠᠭᠠᠷᠳᠠᠪᠠ᠃ 

    ᠰᠤᠷᠭᠠᠨ ᠬᠦᠮᠦᠨᠵᠢᠯ ᠤᠨ ᠶᠠᠮᠤᠨ ᠡᠴᠡ᠂ ᠡᠯ᠎ᠡ ᠳᠡᠰ ᠡᠯ᠎ᠡ ᠲᠦᠷᠦᠯ ᠤᠨ ᠰᠤᠷᠭᠠᠭᠤᠯᠢ ᠽᠢᠺ ᠸᠢᠷᠤᠰ(Zika Virus) ᠂ ᠳ᠋ᠧᠩᠭ᠍ᠡᠢ ᠸᠢᠷᠤᠰ (dengue virus᠎) ᠵᠡᠷᠭᠡ ᠪᠠᠲᠠᠭᠠᠨ᠎ᠠ ᠢᠶᠡᠷ ᠳᠠᠮᠵᠢᠬᠳᠠᠳᠠᠬ ᠡᠪᠡᠳᠴᠢᠨ᠂ ᠬᠠᠪᠤᠷ ᠵᠤᠨ ᠤ ᠤᠯᠠᠷᠢᠯ ᠤᠨ ᠬᠠᠯᠳᠠᠪᠤᠷᠢᠲᠤ ᠡᠪᠳᠴᠢᠨ᠂ ᠢᠳᠡᠭᠡᠨ ᠡᠴᠡ ᠬᠤᠤᠷᠳᠠᠬᠳᠠᠬᠤ  ᠵᠢ ᠰᠡᠷᠬᠡᠶᠢᠯᠡᠬᠦ ᠵᠡᠷᠭᠡ ᠪᠡᠷ ᠰᠤᠷᠠᠭᠠᠭᠤᠯᠢ ᠶᠢᠨ ᠡᠷᠡᠭᠦᠯ ᠮᠡᠨᠳᠤ᠂ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠭᠤᠤᠯᠳᠠᠯᠭ᠎ᠠ ᠪᠤᠯᠭᠠᠨ᠂ ᠡᠷᠡᠭᠦᠯ ᠡᠩᠬᠡ ᠶᠢᠨ ᠬᠦᠮᠦᠵᠢᠯ ᠤᠨ ᠬᠢᠴᠢᠶᠡᠯ ᠪᠤᠯᠤᠨ ᠪᠤᠰᠤᠳ ᠤᠯᠠᠨ ᠤᠬᠠᠭᠤᠯᠭ᠎ᠠ ᠶᠢᠨ ᠬᠡᠯᠪᠡᠷᠢ ᠪᠡᠷ ᠪᠠᠬᠰᠢ ᠰᠤᠷᠤᠬᠴᠢᠳ᠂ ᠭᠡᠷ ᠤᠨ ᠠᠬᠠᠮᠠᠳ ᠲᠤ ᠬᠠᠮᠢᠶ᠎ᠠ ᠪᠦᠬᠦᠢ ᠮᠡᠳᠡᠯᠭᠡ ᠵᠢ ᠲᠦᠭᠡᠮᠡᠯᠵᠢᠭᠦᠯᠬᠦ ᠬᠡᠷᠡᠭᠲᠡᠢ ᠭᠡᠵᠦ ᠱᠠᠭᠠᠷᠳᠠᠪᠠ᠃

    ᠮᠡᠳᠡᠭᠳᠡᠯ ᠳᠤ᠂ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠪᠤᠯᠤᠨ ᠬᠡᠦᠬᠡᠳ ᠠᠰᠠᠷᠠᠬᠤ ᠭᠠᠵᠠᠷ ᠥᠷᠯᠦᠭᠡᠨ  ᠤ ᠪᠦᠷᠢᠳᠬᠡᠯ ᠢ ᠰᠠᠶᠢᠲᠤᠷ ᠬᠢᠵᠦ᠂ ᠡᠪᠡᠳᠴᠢᠨ ᠶᠢᠡᠷ ᠰᠠᠭᠠᠳᠠᠬᠰᠠᠳ ᠤᠨ ᠰᠢᠯᠲᠠᠭᠠᠨ ᠢ ᠠᠰᠠᠭᠤᠨ ᠰᠤᠷᠠᠵᠦ ᠳᠡᠮᠳᠡᠭᠯᠡᠬᠦ ᠬᠡᠷᠡᠭᠲᠡᠢ᠃ ᠬᠡᠷᠪᠡ ᠪᠠᠬᠰᠢ ᠰᠤᠷᠤᠬᠴᠢᠳ ᠤᠨ ᠳᠤᠮᠳᠠ ᠬᠠᠯᠠᠭᠤᠷᠠᠬᠤ᠂ ᠡᠰᠡᠷᠭᠡᠨ᠎ᠡ ᠭᠠᠷᠬᠤ᠂ ᠦᠶ᠎ᠡ ᠭᠡᠰᠢᠭᠦᠦ ᠡᠪᠡᠳᠬᠦ᠂ ᠪᠤᠯᠴᠢᠩ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ ᠳᠤ ᠨᠡᠷᠪᠡᠭ᠍ᠳᠡᠬᠦ ᠵᠡᠷᠭᠡ ᠡᠪᠡᠳᠴᠢᠨ ᠤ ᠢᠯᠡᠷᠡᠯ ᠭᠠᠷᠪᠠᠯ ᠲᠡᠷᠡ ᠳᠠᠷᠦᠢ ᠡᠮᠨᠡᠭᠦᠯᠬᠦ ᠮᠦᠷᠲᠡᠭᠡᠨ ᠪᠠᠰᠠ ᠲᠤᠬᠠᠢ ᠶᠢᠨ ᠭᠠᠵᠠᠷ ᠤᠨ ᠬᠢᠵᠢᠭ᠌  ᠢ ᠰᠡᠷᠭᠡᠶᠢᠯᠡᠬᠦ ᠪᠠᠶᠢᠭᠤᠯᠤᠮᠵᠢ ᠪᠤᠯᠤᠨ ᠰᠤᠷᠭᠠᠨ ᠬᠦᠮᠦᠵᠢᠯ ᠤᠨ ᠵᠠᠰᠠᠬ ᠵᠠᠬᠢᠷᠭᠠᠨ ᠤ ᠰᠠᠯᠪᠤᠷᠢ ᠳᠤ ᠮᠡᠳᠡᠭᠦᠯᠬᠦ ᠬᠡᠷᠡᠭᠲᠡᠢ᠃ ᠳᠡᠭᠡᠳᠤ ᠵᠡᠷᠭᠡ ᠶᠢᠨ ᠰᠤᠷᠭᠠᠭᠤᠯᠢ ᠶᠢᠨ ᠡᠮᠨᠡᠯᠭᠡ ᠱᠠᠭᠠᠷᠳᠠᠯᠭ᠎ᠠ ᠶᠤᠰᠤᠭᠠᠷ ᠬᠠᠯᠳᠠᠪᠤᠷᠢᠲᠤ ᠡᠪᠡᠳᠴᠢᠨ ᠢ ᠬᠢᠨᠠᠨ ᠰᠢᠯᠭᠠᠬᠤ᠂ ᠪᠠᠶᠢᠴᠠᠭᠠᠬᠤ᠂ ᠮᠡᠳᠡᠭᠦᠯᠬᠦ ᠠᠵᠢᠯ ᠢ ᠬᠢᠨᠠᠮᠠᠭᠠᠢ ᠬᠢᠵᠦ᠂ ᠬᠠᠯᠳᠠᠪᠤᠷᠢᠲᠤ ᠡᠪᠡᠳᠴᠢᠨ ᠢ ᠡᠷᠲᠡ ᠢᠯᠡᠷᠡᠭᠦᠯᠵᠦ᠂ ᠡᠷᠲᠡ ᠮᠡᠳᠡᠭᠦᠯᠦᠨ᠂ ᠡᠷᠲᠡ ᠡᠮᠨᠡᠬᠦ ᠵᠢ ᠪᠡᠶᠡᠯᠡᠭᠦᠯᠦᠨ᠎ᠡ᠃(ᠰᠤᠷᠪᠤᠯᠵᠢᠯᠠᠬᠴᠢ ᠲᠠᠨ ᠵᠢᠶᠠ)

 

ᠢᠷᠡᠯᠳᠡ᠄ ᠡᠷᠡᠭᠦᠯ ᠮᠡᠨᠳᠤ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118415369