蒙古文网站Logo
ᠰᠢᠨᠬᠤᠸᠠ ᠮᠤᠩᠭ᠋ᠤᠯ ᠨᠧᠲ

ᠡᠭᠡᠯᠵᠢ ᠨᠡᠮᠡᠵᠦ ᠠᠵᠢᠯᠯᠠᠬᠤ ᠨᠢ ᠵᠢᠷᠦᠬᠡᠨ ᠤ ᠡᠪᠡᠳᠴᠢᠨ ᠳᠤ ᠨᠡᠷᠪᠡᠭ᠍ᠳᠡᠬᠦ ᠪᠤᠯᠤᠮᠵᠢ ᠵᠢ ᠨᠡᠮᠡᠭᠳᠡᠭᠦᠯᠦᠨ᠎ᠡ

2016-03-28 11:11

    ᠡᠭᠡᠯᠵᠢ ᠨᠡᠮᠡᠵᠦ ᠠᠵᠢᠯᠯᠠᠬᠤ ᠨᠢ ᠬᠦᠮᠦᠰ ᠤᠨ ᠦᠷᠭᠦᠯᠵᠢ ᠶᠢᠨ ᠲᠤᠬᠢᠶᠠᠯᠳᠤᠯ ᠪᠤᠯᠬᠤ ᠶᠤᠮ᠃ ᠬᠡᠷᠪᠡ ᠰᠦᠨᠢᠵᠢᠨ ᠠᠵᠢᠯᠯᠠᠬᠤ ᠦᠭᠡᠢ ᠯᠡ ᠶᠤᠮ ᠪᠤᠯ ᠡᠷᠡᠭᠦᠯ ᠮᠡᠨᠲᠤ ᠳᠤ ᠳᠡᠮᠡᠢ ᠨᠦᠯᠦᠭᠡ ᠪᠤᠯᠬᠤ ᠦᠭᠡᠢ ᠭᠡᠵᠦ ᠪᠤᠳᠤᠭ᠎ᠠ ᠤᠤ ᠲᠠ? ᠠᠮᠸᠷᠢᠺᠠ ᠶᠢᠨ ᠲᠸᠺᠰᠠᠰ ᠶᠡᠬᠡ ᠰᠤᠷᠭᠠᠭᠤᠯᠢ ᠶᠢᠨ ᠡᠷᠡᠭᠦᠯ ᠮᠡᠨᠳᠤ ᠰᠢᠨᠵᠢᠯᠡᠬᠦ ᠤᠬᠠᠭᠠᠨ ᠤ ᠲᠦᠪ ᠤᠨ ᠢᠯᠡᠷᠬᠡᠶᠢᠯᠡᠭ᠍ᠰᠡᠨ ᠢᠶᠡᠷ᠂ ᠡᠭᠡᠯᠵᠢ ᠨᠡᠮᠡᠵᠦ ᠠᠵᠢᠯᠯᠠᠬᠤ ᠨᠢ ᠵᠢᠷᠦᠬᠡᠨ  ᠤ ᠡᠪᠡᠳᠴᠢᠨ ᠳᠤ ᠨᠡᠷᠪᠡᠭ᠍ᠳᠡᠬᠦ ᠪᠤᠯᠤᠮᠵᠢ ᠵᠢ ᠨᠡᠮᠡᠭᠳᠡᠭᠦᠯᠦᠨ᠎ᠡ᠃ ᠲᠡᠭᠡᠬᠦ ᠳᠡᠭᠡᠨ ᠨᠡᠮᠡᠵᠦ ᠠᠵᠢᠯᠯᠠᠬᠤ ᠴᠠᠬ  ᠨᠢ ᠬᠡᠳᠦᠢ ᠤᠷᠲᠤ ᠪᠤᠯ ᠡᠪᠡᠳᠴᠢᠨ ᠳᠤ ᠨᠡᠷᠪᠡᠭ᠍ᠳᠡᠬᠦ ᠪᠤᠯᠤᠮᠵᠢ ᠲᠡᠳᠦᠢ ᠦᠨᠳᠦᠷ ᠪᠤᠯᠤᠨ᠎ᠠ᠃

    ᠰᠤᠳᠤᠯᠤᠭᠠᠴᠢᠳ 10 ᠵᠢᠯ ᠡᠴᠡ ᠳᠡᠭᠡᠭ᠍ᠰᠢ ᠠᠵᠢᠯᠯᠠᠬᠰᠠᠨ 1900 ᠠᠵᠢᠯᠲᠠᠨ ᠳᠤ ᠬᠢᠭ᠍ᠰᠡᠨ ᠤᠷᠲᠤ ᠬᠤᠭᠤᠴᠠᠭᠠᠨ ᠤ ᠰᠤᠷᠪᠤᠯᠵᠢᠯᠠᠭ᠎ᠠ ᠶᠢᠨ ᠮᠠᠲ᠋ᠸᠷᠢᠶᠠᠯ ᠢ ᠰᠤᠳᠤᠯᠵᠦ᠂ ᠠᠵᠢᠯᠯᠠᠬᠤ ᠴᠠᠬ ᠤᠨ ᠤᠷᠲᠤ ᠤᠬᠤᠷ ᠪᠤᠯᠤᠨ ᠵᠢᠷᠤᠬᠡᠨ ᠤ ᠰᠤᠳᠠᠯ ᠤᠨ ᠡᠪᠡᠳᠴᠢᠨ ᠳᠤ ᠨᠡᠷᠪᠡᠭ᠍ᠳᠡᠬᠦ ᠶᠢᠨ ᠬᠠᠷᠢᠴᠠᠭ᠎ᠠ ᠵᠢ ᠲᠤᠳᠤᠷᠠᠭᠤᠯᠬᠤ ᠪᠡᠷ ᠲᠤᠷᠰᠢᠵᠠᠢ᠃ ᠡᠳᠡᠭᠡᠷ ᠬᠦᠮᠦᠰ ᠤᠨ ᠳᠤᠮᠳᠠ ᠪᠠᠷᠤᠬ 45 ᠬᠤᠪᠢ ᠶᠢᠨ ᠬᠦᠮᠤᠨ ᠨᠢ ᠠᠳᠠᠯᠢ ᠪᠤᠰᠤ ᠶᠢᠨ ᠵᠢᠷᠤᠬᠡᠨ ᠤ ᠰᠤᠳᠠᠯ ᠤᠨ ᠡᠪᠡᠳᠴᠢᠨ ᠳᠤ ᠨᠡᠷᠪᠡᠭ᠍ᠳᠡᠪᠡ᠃ ᠭᠠᠷᠠᠬ ᠪᠦᠷᠢ 45 ᠴᠠᠬ ᠠᠵᠢᠯᠯᠠᠳᠠᠬ ᠬᠦᠮᠦᠰ ᠲᠠᠢ ᠬᠠᠷᠢᠴᠠᠭᠤᠯᠪᠠᠯ᠂ ᠭᠠᠷᠠᠬ ᠪᠦᠷᠢ 55 ᠴᠠᠬ ᠠᠵᠢᠯᠯᠠᠳᠠᠬ ᠬᠦᠮᠦᠰ ᠤᠨ ᠵᠢᠷᠦᠬᠡᠨ ᠤ ᠡᠪᠡᠳᠴᠢᠨ ᠳᠤ ᠨᠡᠷᠪᠡᠭ᠍ᠳᠡᠬᠦ ᠨᠤᠷᠮ᠎ᠠ 16 ᠬᠤᠪᠢ ᠦᠨᠳᠦᠷ ᠪᠠᠶᠢᠵᠦ᠂ ᠭᠠᠷᠠᠬ ᠪᠦᠷᠢ 60 ᠴᠠᠬ ᠡᠴᠡ ᠳᠡᠭᠡᠭ᠍ᠰᠢ ᠠᠵᠢᠯᠯᠠᠳᠠᠬ ᠬᠦᠮᠦᠰ ᠤᠨ ᠵᠢᠷᠦᠬᠡᠨ ᠤ ᠡᠪᠡᠳᠴᠢᠨ ᠳᠤ ᠨᠡᠷᠪᠡᠭ᠍ᠳᠡᠬᠦ ᠨᠤᠷᠮ᠎ᠠ 35 ᠬᠤᠪᠢ ᠦᠨᠳᠦᠷ ᠪᠤᠯᠬᠤ ᠵᠢ ᠰᠤᠳᠤᠯᠤᠭᠠᠴᠢᠳ ᠢᠯᠡᠷᠡᠭᠦᠯᠪᠡ᠃ ᠬᠠᠮᠢᠶ᠎ᠠ ᠪᠦᠬᠦᠢ ᠰᠤᠳᠤᠯᠭᠠᠨ ᠤ ᠳ᠋ᠦᠩ ᠢ《ᠠᠵᠢᠯ ᠲᠦᠷᠦᠯ ᠪᠤᠯᠤᠨ ᠤᠷᠴᠢᠨ ᠲᠤᠭᠤᠷᠢᠨ ᠤ ᠡᠮᠨᠡᠯᠭᠡ ᠶᠢᠨ ᠤᠬᠠᠭᠠᠨ ᠰᠡᠳᠬᠦᠯ》 ᠳᠡᠭᠡᠷ᠎ᠡ ᠨᠡᠶᠢᠲᠡᠯᠡᠨ᠎ᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118461528