蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠬᠤᠲᠠ ᠶᠢᠨ ᠡᠮᠨᠡᠯᠭᠡ ᠦᠪᠦᠷ ᠮᠤᠨᠭᠭᠤᠯ ᠤᠨ ᠡᠮᠨᠡᠯᠭᠡ ᠵᠢ ᠲᠤᠰᠠᠯᠠᠬᠤ ᠪᠡᠷ ᠪᠤᠢ

2016-04-13 10:48

    ᠰᠢᠨᠬᠤᠸᠠ ᠬᠤᠷᠢᠶ᠎ᠠ  ᠬᠦᠬᠡᠬᠤᠲᠠ ᠶᠢᠨ 4 ᠰᠠᠷ᠎ᠡ ᠶᠢᠨ 12 ᠤᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠵᠠᠩ ᠯᠢ ᠨᠠᠠ᠂ ᠸᠠᠩ ᠵᠢᠩ) ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠲᠤ ᠲᠦᠯᠦᠪᠯᠡᠭᠡᠲᠤ ᠦᠷᠡᠵᠢᠯ ᠤᠨ ᠺᠤᠮᠢᠰ ᠡᠴᠡ ᠤᠶᠢᠯᠠᠭᠠᠬᠰᠠᠨ ᠢᠶᠡᠷ᠂ ᠪᠡᠭᠡᠵᠢᠩ ᠬᠤᠲᠠ ᠶᠢᠨ ᠡᠷᠡᠭᠦᠯ ᠮᠡᠨᠳᠤ ᠲᠦᠯᠦᠪᠯᠡᠭᠡᠲᠤ ᠦᠷᠡᠵᠢᠯ ᠤᠨ ᠺᠤᠮᠢᠰ ᠪᠤᠯᠤᠨ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠲᠤ ᠲᠦᠯᠦᠪᠯᠡᠭᠡᠲᠤ ᠦᠷᠡᠵᠢᠯ ᠤᠨ ᠺᠤᠮᠢᠰ 11 ᠤ ᠡᠳᠦᠷ ᠠᠯᠪᠠᠨ ᠶᠤᠰᠤᠭᠠᠷ ᠬᠡᠯᠡᠯᠴᠡᠭᠡᠷ ᠲᠤ ᠭᠠᠷ ᠤᠨ ᠦᠰᠦᠭ ᠵᠢᠷᠤᠵᠦ᠂ ᠢᠷᠡᠬᠦ 5 ᠵᠢᠯ ᠳᠤ ᠪᠡᠭᠡᠵᠢᠩ ᠬᠤᠲᠠ ᠶᠢᠨ ᠭᠤᠷᠪᠠᠳᠤᠭᠠᠷ ᠲᠡᠰ ᠤᠨ 47 ᠡᠮᠨᠡᠯᠭᠡ ᠦᠪᠦᠷ ᠮᠤᠨᠭᠭᠤᠯ ᠤᠨ 31 ᠶᠠᠳᠠᠭᠤ ᠬᠦᠴᠢᠷᠲᠡᠢ ᠬᠤᠰᠢᠭᠤ ᠰᠢᠶᠠᠨ ᠤ ᠡᠮᠨᠡᠯᠭᠡ ᠵᠢ ᠪᠠᠬᠲᠠᠭᠠᠬᠰᠠᠨ 78 ᠡᠮᠨᠡᠯᠭᠡ ᠵᠢ ᠲᠤᠰᠠᠯᠠᠬᠤ ᠪᠡᠷ ᠰᠢᠢᠳᠴᠡᠢ᠃

    ᠪᠡᠭᠡᠵᠢᠩ ᠬᠤᠲᠠ ᠶᠢᠨ ᠲᠤᠰᠠᠯᠠᠬᠤ ᠳᠤ ᠤᠷᠤᠯᠴᠠᠬᠤ ᠡᠮᠨᠡᠯᠭᠡ ᠵᠢᠯ ᠪᠦᠷᠢ ᠬᠤᠶᠠᠷ ᠪᠦᠯᠦᠭ ᠳᠡᠳ᠋ ᠳᠡᠰ ᠤᠨ ᠮᠡᠷᠭᠡᠵᠢᠯ ᠤᠨ ᠴᠤᠯᠠ ᠲᠠᠢ ᠡᠮᠴᠢᠯᠡᠭᠡᠨ ᠤ ᠠᠵᠢᠯᠲᠠᠨ ᠲᠤᠮᠢᠯᠠᠨ᠂ ᠲᠤᠰᠠᠯᠠᠮᠵᠢ ᠬᠦᠯᠢᠶᠡᠬᠦ ᠡᠮᠨᠡᠯᠭᠡ ᠳᠤ ᠡᠮᠴᠢᠯᠡᠭᠡ ᠬᠢᠬᠦ᠂ ᠪᠤᠯᠪᠠᠰᠤᠷᠠᠯ ᠬᠦᠷᠲᠡᠭᠡᠬᠦ᠂ ᠮᠠᠰᠠ ᠵᠠᠰᠠᠯ ᠬᠢᠵᠦ ᠵᠢᠱᠢᠶ᠎ᠡ ᠪᠡᠷ ᠰᠤᠷᠭᠠᠬᠤ᠂ ᠬᠦᠨᠳᠤ ᠡᠪᠡᠳᠴᠢᠲᠡᠨ ᠢ ᠠᠪᠤᠷᠠᠬᠤ ᠵᠡᠷᠭᠡ ᠬᠦᠳᠡᠯᠭᠡᠭᠡᠨ ᠦᠷᠨᠢᠭᠦᠯᠦᠨ᠎ᠡ᠃ ᠡᠭᠦᠨ ᠡᠴᠡ ᠭᠠᠳᠠᠨ᠎ᠠ᠂ ᠲᠤᠰᠠᠯᠠᠮᠵᠢ ᠬᠦᠯᠢᠶᠡᠬᠦ ᠡᠮᠨᠡᠯᠭᠡ ᠪᠡᠭᠡᠵᠢᠩ ᠶᠢᠨ ᠬᠠᠷᠭᠠᠯᠵᠠᠬᠰᠠᠨ ᠡᠮᠨᠡᠯᠭᠡ ᠳᠤ ᠬᠦᠷᠴᠦ ᠪᠤᠯᠪᠠᠰᠤᠷᠠᠯ ᠬᠦᠷᠲᠡᠵᠦ ᠪᠤᠯᠤᠨ᠎ᠠ᠃

    ᠮᠡᠷᠭᠡᠵᠢᠯᠲᠡᠨ ᠤ ᠬᠡᠯᠡᠬᠦ ᠪᠡᠷ᠂ ᠪᠡᠭᠡᠵᠢᠩ ᠬᠤᠲᠠ ᠶᠢᠨ ᠭᠤᠷᠪᠠᠳᠤᠭᠠᠷ ᠳᠡᠰ ᠤᠨ ᠡᠮᠨᠡᠯᠭᠡ ᠦᠪᠦᠷ ᠮᠤᠨᠭᠭᠤᠯ ᠤᠨ ᠶᠠᠳᠠᠭᠤ ᠬᠦᠴᠢᠷᠲᠡᠢ ᠬᠤᠰᠢᠭᠤ ᠰᠢᠶᠠᠨ ᠤ ᠡᠮᠨᠡᠯᠭᠡ ᠵᠢ ᠲᠤᠰᠠᠯᠠᠬᠤ ᠨᠢ ᠡᠳᠡᠭᠡᠷ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠵᠢ ᠳᠡᠭᠡᠭ᠍ᠰᠢᠯᠡᠭᠦᠯᠵᠦ᠂ ᠶᠠᠳᠠᠭᠤ ᠬᠦᠴᠢᠷᠲᠡᠢ ᠤᠷᠤᠨ ᠤ ᠬᠦᠮᠦᠰ ᠤᠨ ᠡᠷᠡᠭᠦᠯ ᠮᠡᠨᠲᠤ ᠶᠢᠨ ᠲᠦᠪᠰᠢᠨ ᠢ ᠰᠠᠶᠢᠵᠢᠷᠠᠭᠤᠯᠵᠦ᠂ ᠬᠦᠳᠡᠭᠡ ᠲᠤᠰᠬᠤᠨ ᠤ ᠶᠠᠳᠠᠭᠤ ᠬᠦᠴᠢᠷᠲᠡᠢ ᠬᠦᠮᠦᠰ ᠤᠨ ᠶᠠᠳᠠᠭᠤ ᠡᠴᠡ ᠠᠩᠭᠢᠵᠢᠷᠠᠬᠤ ᠳᠤ ᠲᠤᠰᠠᠯᠠᠨ᠎ᠠ ᠭᠡᠵᠦ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118607187