蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠬᠤᠲᠠ ᠪᠠᠴᠢᠮ ᠠᠪᠤᠷᠡᠯᠲᠠ ᠶᠢᠨ ᠮᠠᠰᠢᠨ  ᠤ ᠬᠠᠮᠢᠶ᠎ᠠ ᠪᠦᠬᠦᠢ ᠦᠨ᠎ᠡ ᠶᠢᠨ ᠲᠤᠬᠠᠢ ᠮᠡᠳᠡᠭᠳᠡᠯ ᠲᠠᠷᠬᠠᠭᠠᠪᠠ

2016-04-20 11:05

    ᠤᠶᠢᠷ᠎ᠠ ᠶᠢᠨ ᠵᠢᠯ  ᠡᠯ᠎ᠡ ᠭᠠᠵᠠᠷ ᠲᠤ ᠪᠠᠴᠢᠮ ᠠᠪᠤᠷᠠᠯᠲᠠ ᠶᠢᠨ ᠮᠠᠰᠢᠨ ᠶᠡᠬᠡ ᠬᠡᠮᠵᠢᠶᠡᠨ ᠤ ᠲᠦᠯᠦᠪᠦᠷᠢ ᠠᠪᠴᠤ ᠪᠠᠶᠢᠭ᠎ᠠ ᠬᠡᠷᠡᠭ ᠤᠯᠠᠨᠲᠠ ᠭᠠᠷᠴᠤ᠂ ᠪᠠᠴᠢᠮ ᠠᠪᠤᠷᠠᠯᠲᠠ ᠶᠢᠨ ᠮᠠᠰᠢᠨ ᠤ ᠤᠯᠠᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠨᠦᠯᠦᠭᠡᠯᠡᠭ᠍ᠰᠡᠨ ᠪᠠᠶᠢᠨ᠎ᠠ᠃ ᠡᠭᠦᠨ ᠳᠤ ᠬᠤᠷᠢᠶᠠᠮᠵᠢ ᠶᠢᠨ ᠪᠠᠷᠢᠮᠵᠢᠶ᠎ᠠ ᠪᠠᠶᠢᠬᠤ ᠦᠭᠡᠢ ᠶᠠᠪᠤᠳᠠᠯ ᠨᠢ ᠭᠤᠤᠯ ᠰᠢᠯᠲᠠᠭᠠᠨ ᠤ ᠨᠢᠭᠡ ᠶᠤᠮ᠃

    ᠤᠶᠢᠷ᠎ᠠ ᠳᠤ ᠪᠡᠭᠡᠵᠢᠩ ᠬᠤᠲᠠ ᠶᠢᠨ ᠬᠦᠭ᠍ᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂ ᠪᠡᠭᠡᠵᠢᠩ ᠬᠤᠲᠠ ᠶᠢᠨ ᠡᠷᠡᠭᠦᠯ ᠮᠡᠨᠳᠤ ᠪᠠ ᠲᠦᠯᠦᠪᠯᠡᠭᠡᠲᠤ ᠦᠷᠡᠵᠢᠯ ᠤᠨ ᠵᠦᠪᠯᠡᠯ ᠂ ᠪᠡᠭᠡᠵᠢᠩ ᠬᠤᠲᠠ ᠶᠢᠨ ᠬᠦᠮᠦᠨ ᠤ ᠬᠦᠴᠦᠨ  ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ ᠠ  ᠢᠶᠨ ᠎᠎᠎᠎᠎᠎᠎᠎᠎᠎ᠲᠤᠪᠴᠢᠶ᠎ᠠ ᠬᠠᠮᠲᠤᠷᠠᠨ ᠪᠡᠭᠡᠵᠢᠩ ᠤᠨ ᠡᠮᠨᠡᠯᠭᠡ ᠶᠢᠨ ᠬᠤᠷᠢᠶ᠎᠎᠎᠎ᠠ ᠨᠤᠭᠤᠳ ᠤᠨ ᠪᠠᠴᠢᠮ ᠠᠪᠤᠷᠠᠯᠲᠠ ᠶᠢᠨ ᠬᠠᠮᠢᠶ᠎ᠠ ᠪᠦᠬᠦᠢ ᠦᠨ᠎ᠡ ᠶᠢᠨ ᠲᠤᠬᠠᠢ ᠮᠡᠳᠡᠭᠳᠡᠯ ᠢ ᠳᠠᠷᠤᠮᠠᠯᠠᠨ ᠲᠠᠷᠬᠠᠭᠠᠵᠠᠢ᠃ ᠲᠤᠬᠠᠶᠢᠯᠠᠪᠠᠯ 5 ᠳ᠋ᠤᠭᠠᠷ ᠰᠠᠷ᠎ᠠ ᠶᠢᠨ 1 ᠤ ᠡᠳᠦᠷ ᠡᠴᠡ ᠡᠬᠢᠯᠡᠨ ᠪᠡᠭᠡᠵᠢᠩ ᠬᠤᠲᠠ ᠶᠢᠨ ᠪᠠᠴᠢᠮ ᠠᠪᠤᠷᠠᠯᠲᠠ ᠶᠢᠨ ᠮᠠᠰᠢᠨ ᠲᠦᠯᠦᠪᠦᠷᠢ ᠬᠤᠷᠢᠶᠠᠬᠤ ᠳᠠᠭᠠᠨ ᠪᠤᠳᠠᠲᠠᠢ  ᠠᠶᠠᠯᠠᠬᠰᠠᠨ ᠪᠠ ᠦᠨ᠎ᠡ ᠳᠡᠮᠳᠡᠭ᠍ᠯᠡᠬᠦ ᠪᠠᠭᠠᠵᠢ ᠶᠢᠨ ᠳᠡᠮᠳᠡᠭ᠍ᠯᠡᠯ  ᠢᠶᠡᠷ ᠪᠠᠷᠢᠮᠲᠠ ᠪᠤᠯᠭᠠᠨ᠎ᠠ᠂ ᠦᠨ᠎ᠡ ᠳᠡᠮᠳᠡᠭᠯᠡᠬᠦ ᠪᠠᠭᠠᠵᠢ ᠦᠬᠡᠢ ᠪᠠᠴᠢᠮ ᠠᠪᠤᠷᠠᠯᠲᠠ ᠶᠢᠨ ᠮᠠᠰᠢᠨ ᠲᠦᠯᠦᠪᠦᠷᠢ ᠬᠤᠷᠢᠶᠠᠵᠦ ᠪᠤᠯᠬᠤ ᠦᠭᠡᠢ ᠭᠡᠵᠦ ᠲᠤᠬᠲᠠᠭᠠᠵᠦ᠂ ᠪᠠᠴᠢᠮ ᠠᠪᠤᠷᠠᠯᠲᠠ ᠶᠢᠨ ᠮᠠᠰᠢᠨ ᠤ ᠳᠤᠷ᠎ᠠ ᠪᠡᠷ ᠬᠤᠷᠢᠶᠠᠮᠵᠢᠯᠠᠬᠤ ᠦᠵᠡᠭᠳᠡᠯ ᠢ ᠬᠤᠪᠢᠷᠠᠭᠤᠯᠬᠤ ᠵᠢ ᠵᠤᠷᠢᠬᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠤᠨᠭᠭᠤᠯ ᠷᠠᠳᠢᠤ᠋ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118679539