蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠶᠠᠳᠠᠭᠤ ᠬᠦᠴᠢᠷᠲᠡᠢ ᠤᠷᠤᠨ ᠳᠤ ᠡᠮᠴᠢ ᠲᠤᠮᠢᠯᠠᠬᠤ ᠪᠡᠷ ᠪᠤᠢ

2016-04-21 10:23

    ᠰᠢᠨᠬᠤᠸᠠ ᠬᠤᠷᠢᠶ᠎ᠠ  ᠬᠦᠬᠡᠬᠤᠲᠠ ᠶᠢᠨ 4 ᠰᠠᠷ᠎ᠡ ᠶᠢᠨ 20 ᠤ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠬᠴᠢ ᠵᠠᠩ ᠯᠢ ᠨᠠ᠂ ᠸᠠᠩ ᠵᠢᠩ)ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠳᠤ ᠪᠠ ᠲᠦᠯᠦᠪᠯᠡᠭᠡᠲᠤ ᠦᠷᠡᠵᠢᠯ ᠤᠨ ᠵᠦᠪᠯᠡᠯ ᠡᠴᠡ ᠤᠶᠢᠯᠠᠭᠠᠬᠰᠠᠨ ᠢᠶᠡᠷ᠂ ᠦᠪᠦᠷ ᠮᠤᠨᠭᠭᠤᠯ 2016 ᠤᠨ ᠡᠴᠡ ᠡᠬᠢᠯᠡᠨ ᠭᠤᠷᠪᠠᠳᠤᠭᠠᠷ ᠳᠡᠰ᠂ ᠬᠤᠶᠠᠳᠤᠭᠠᠷ ᠳᠡᠰ ᠤᠨ ᠡᠮᠨᠡᠯᠭᠡ ᠶᠢᠨ ᠡᠮᠴᠢ ᠠᠵᠢᠯᠲᠠᠳ ᠢ ᠶᠠᠳᠠᠭᠤ ᠬᠦᠴᠢᠷᠲᠡᠢ ᠤᠷᠤᠨ ᠳᠤ ᠤᠴᠢᠭᠤᠯᠬᠤ ᠠᠵᠢᠯ ᠤᠨ ᠳᠦᠷᠢᠮ ᠢ ᠬᠡᠷᠡᠭ᠍ᠵᠢᠭᠦᠯᠦᠨ᠂ ᠵᠢᠯ ᠪᠦᠷᠢ 3000 ᠰᠢᠯᠢᠳᠡᠭ᠌ ᠡᠮᠴᠢ  ᠶᠢ ᠥᠪᠦᠷ ᠮᠤᠨᠭᠭᠤᠯ ᠤᠨ ᠶᠠᠳᠠᠭᠤ ᠬᠦᠴᠢᠷᠲᠡᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠤᠮᠢᠯᠠᠵᠤ᠂ ᠲᠤᠬᠲᠠᠬᠰᠠᠨ ᠬᠤᠭᠤᠴᠠᠭᠠᠨ ᠤ ᠡᠮᠴᠢᠯᠡᠬᠦ᠂ ᠮᠠᠰᠠ ᠵᠠᠰᠠᠯ ᠬᠢᠬᠦ᠂ ᠤᠨᠤᠰᠢᠯᠠᠬᠤ᠂ ᠵᠢᠭᠠᠬᠤ  ᠶᠢᠨ ᠳᠠᠭᠤ ᠵᠢᠯᠤᠭᠤᠳᠬᠤ᠂ ᠡᠷᠡᠬᠦᠯ ᠮᠡᠨᠳᠤ ᠶᠢᠨ ᠬᠦᠮᠦᠵᠢᠯ ᠬᠢᠬᠦ ᠵᠡᠷᠭᠡ ᠠᠵᠢᠯᠯᠠᠭ᠎ᠠ ᠦᠷᠨᠢᠭᠦᠯᠦᠨ᠎ᠡ᠃

    ᠰᠤᠨᠭᠭᠤᠨ ᠲᠤᠮᠢᠯᠠᠬᠤ 3000 ᠡᠮᠴᠢ ᠠᠵᠢᠯᠲᠠᠨ ᠤᠨ ᠲᠤᠳᠤᠷ᠎ᠠ᠎᠂ ᠭᠤᠷᠪᠠᠳᠤᠭᠠᠷ ᠳᠡᠰ ᠤᠨ ᠡᠮᠨᠡᠯᠭᠡ ᠶᠢᠨ ᠳᠡᠳ᠋ ᠡᠷᠬᠢᠯᠡᠭᠴᠢ  ᠡᠴᠡ ᠳᠡᠭᠡᠭ᠍ᠰᠢᠬᠢ ᠮᠡᠷᠭᠡᠵᠢᠯ  ᠤᠨ ᠴᠤᠯᠠ ᠲᠠᠢ ᠡᠮᠴᠢ 1000᠂ ᠬᠤᠶᠠᠳᠤᠭᠠᠷ ᠳᠡᠰ ᠤᠨ ᠡᠮᠨᠡᠯᠭᠡ ᠶᠢᠨ ᠡᠮᠴᠢ ᠠᠵᠢᠯᠲᠠᠨ 2000  ᠶ᠋ᠢ ᠪᠠᠬᠲᠠᠭᠠᠨ᠎ᠠ᠃ ᠭᠤᠷᠪᠠᠳᠤᠭᠠᠷ ᠳᠡᠰ ᠪᠠ ᠬᠤᠶᠠᠳᠤᠭᠠᠷ ᠳᠡᠰ ᠤᠨ ᠡᠮᠨᠡᠯᠭᠡ ᠶᠢᠨ 3000 ᠡᠮᠴᠢ ᠠᠵᠢᠯᠲᠠᠨ ᠬᠠᠷᠭᠠᠯᠵᠠᠬᠰᠠᠨ ᠲᠤᠰᠠᠯᠠᠬᠤ ᠠᠵᠢᠯ  ᠶᠢᠡᠨ ᠰᠠᠶᠢᠲᠤᠷ ᠬᠢᠵᠦ᠂ ᠭᠤᠷᠪᠠᠳᠤᠭᠠᠷ ᠳᠡᠰ ᠤᠨ ᠡᠮᠨᠡᠯᠭᠡ ᠪᠠ ᠶᠠᠳᠠᠭᠤ ᠬᠦᠴᠢᠷᠲᠡᠢ ᠤᠷᠤᠨ ᠤ ᠬᠤᠰᠢᠭᠤ(ᠰᠢᠶᠠᠨ) ᠳᠡᠰ ᠤᠨ ᠡᠮᠨᠡᠯᠭᠡ ᠶᠢᠨ ᠬᠠᠷᠭᠠᠯᠵᠠᠬᠰᠠᠨ ᠳᠦᠷᠢᠮ ᠪᠤᠯᠤᠨ ᠬᠤᠶᠠᠳᠤᠭᠠᠷ ᠳᠡᠰ ᠤᠨ ᠡᠮᠨᠡᠯᠭᠡ ᠪᠠ ᠶᠠᠳᠠᠭᠤ ᠬᠦᠴᠢᠷᠲᠡᠢ ᠤᠷᠤᠨ ᠤ ᠰᠤᠮᠤ ᠪᠠᠯᠭᠠᠰᠤᠨ ᠤ ᠡᠮᠨᠡᠯᠭᠡ ᠶᠢᠨ ᠬᠤᠷᠢᠶ᠎ ᠠ ᠶᠢᠨ ᠬᠠᠷᠭᠠᠯᠵᠠᠬᠰᠠᠨ ᠲᠤᠰᠠᠯᠠᠬᠤ ᠳᠦᠷᠢᠮ ᠢ ᠪᠠᠶᠢᠭᠤᠯᠤᠨ᠎ᠠ᠃

    ᠶᠠᠳᠠᠭᠤ ᠬᠦᠴᠢᠷᠲᠡᠢ ᠤᠷᠤᠨ ᠤ ᠬᠦᠮᠦᠰ ᠲᠤ ᠡᠮᠨᠡᠬᠦ᠂ ᠮᠠᠰᠠ ᠵᠠᠰᠠᠯ ᠬᠢᠬᠦ᠂ ᠤᠨᠤᠰᠢᠯᠠᠬᠤ ᠵᠡᠷᠭᠡ ᠦᠢᠯᠡᠴᠢᠯᠡᠭᠡ ᠬᠠᠨᠭᠭᠠᠬᠤ ᠡᠴᠡ ᠭᠠᠳᠠᠨ᠎ᠠ᠂ ᠶᠠᠳᠠᠭᠤ ᠬᠦᠴᠢᠷᠲᠡᠢ ᠤᠷᠤᠨ ᠳᠤ ᠤᠴᠢᠬᠰᠠᠨ ᠡᠮᠴᠢ ᠠᠵᠢᠯᠲᠠᠳ ᠮᠡᠷᠭᠡᠵᠢᠯ ᠤᠨ ᠪᠤᠯᠪᠠᠰᠤᠷᠠᠯ ᠬᠦᠷᠲᠡᠭᠡᠬᠦ ᠪᠡᠷ ᠳᠠᠮᠵᠢᠨ᠂ ᠭᠤᠤᠯᠳᠠᠭᠤ ᠰᠤᠮᠤ ᠪᠠᠯᠭᠠᠰᠤᠨ ᠤ ᠡᠮᠨᠡᠯᠭᠡ ᠶᠢᠨ ᠬᠤᠷᠢᠶ᠎ᠠ ᠪᠤᠯᠤᠨ ᠭᠠᠴᠠᠭ᠎ᠠ ᠲᠤᠰᠬᠤᠨ ᠤ ᠡᠮᠴᠢᠯᠡᠭᠡᠨ ᠤ ᠲᠠᠰᠤᠬ ᠲᠤ ᠲᠤᠰᠠᠯᠠᠨ᠂ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭ᠍ᠰᠢᠯᠡᠭᠦᠯᠵᠦ᠂ ᠡᠮᠴᠢᠯᠡᠬᠦ ᠤᠷᠴᠢᠨ ᠢ  ᠨᠢ ᠰᠠᠶᠢᠵᠢᠷᠠᠭᠤᠯᠤᠨ᠂ ᠮᠠᠯᠵᠢᠬᠤ ᠲᠠᠷᠢᠶᠠᠯᠬᠤ ᠤᠷᠤᠨ ᠤ ᠶᠠᠳᠠᠭᠤ ᠬᠦᠴᠢᠷᠲᠡᠢ ᠬᠦᠮᠦᠰ ᠤᠨ ᠡᠷᠲᠡ ᠡᠳᠦᠷ ᠶᠠᠳᠠᠭᠤ ᠡᠴᠡ ᠠᠩᠭᠢᠵᠢᠷᠠᠬᠤ ᠳᠤ ᠦᠢᠯᠡᠴᠢᠯᠡᠭᠡ ᠬᠠᠨᠭᠭᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118691903