蒙古文网站Logo
ᠰᠢᠨᠬᠤᠸᠠ ᠮᠤᠩᠭ᠋ᠤᠯ ᠨᠧᠲ

2045 ᠤᠨ ᠡᠴᠡ ᠡᠬᠢᠯᠡᠨ ᠬᠦᠮᠦᠰ ᠮᠦᠩᠬᠡᠷᠡᠵᠦ ᠮᠡᠳᠡᠨ᠎ᠡ

2016-05-04 11:29

    ᠲᠠᠶᠢᠸᠠᠨ ᠤ ᠬᠡᠪᠯᠡᠯ ᠮᠡᠳᠡᠭᠡᠯᠡᠯ ᠤᠨ ᠮᠡᠳᠡᠭᠡᠯᠡᠭᠰᠡᠨ ᠢᠶᠡᠷ᠂ Google ᠶ᠋ᠢᠨ ᠢᠨᠵᠧᠨᠧᠷᠢᠩ ᠤᠨ ᠶᠡᠷᠦᠩᠬᠡᠢ ᠳᠠᠭᠠᠭᠠᠮᠠᠯ ᠺᠦᠷᠽᠧᠢᠦ᠋ᠯ (Raymond Kurzweil)᠂ ᠲᠠᠪᠰᠢᠬᠰᠠᠨ ᠰᠢᠨᠵᠢᠯᠡᠬᠦ ᠤᠬᠠᠭᠠᠨ ᠪᠠ ᠡᠮᠴᠢᠯᠡᠭᠡᠨ ᠤ ᠮᠡᠷᠭᠡᠵᠢᠯ ᠨᠡᠶᠢᠭᠡᠮ ᠤᠨ ᠳᠠᠪᠰᠢᠯᠲᠠ ᠵᠢ ᠠᠬᠢᠭᠤᠯᠳᠠᠬ᠂ 2045 ᠤᠨ ᠪᠤᠯᠬᠤ ᠳᠤ ᠤᠬᠠᠭᠠᠯᠢᠬ ᠮᠡᠷᠭᠡᠵᠢᠯ ᠨᠢ ᠬᠦᠮᠦᠨ ᠲᠦᠷᠦᠯᠬᠢᠲᠡᠨ ᠤ ᠶᠡᠬᠡ ᠲᠠᠷᠢᠬᠢ ᠵᠢ ᠳᠠᠪᠠᠵᠦ ᠴᠢᠳᠠᠨ᠎ᠠ᠃ ᠲᠡᠷᠡ ᠦᠶᠡᠰ ᠨᠠᠨᠤᠮᠧᠲ᠋ᠷ ᠤᠨ ᠮᠠᠰᠢᠨ ᠬᠦᠮᠦᠨ ᠬᠦᠮᠦᠨ ᠤ ᠵᠢᠷᠦᠬᠡ ᠴᠢᠰᠤᠨ ᠰᠤᠳᠠᠯ ᠤᠨ ᠰᠢᠰᠲ᠋ᠧᠮ ᠳᠤ ᠤᠷᠤᠵᠦ ᠡᠪᠡᠳᠴᠢᠨ ᠵᠠᠰᠠᠨ᠎ᠠ᠂ ᠬᠦᠮᠦᠨ ᠤ ᠶᠡᠬᠡ ᠲᠠᠷᠢᠬᠢᠨ ᠤ ᠪᠤᠷᠤ ᠳᠠᠪᠬᠤᠷᠭ᠎ᠠ ᠪᠤᠯᠤᠨ ᠡᠭᠦᠯᠡᠨ ᠪᠤᠳᠤᠯᠲᠠ  ᠶᠢ ᠬᠤᠯᠪᠤᠬᠤ ᠮᠡᠷᠭᠡᠵᠢᠯ ᠢ ᠤᠶᠠᠯᠳᠤᠭᠤᠯᠵᠦ᠂ ᠬᠦᠮᠦᠰ ᠢ ᠦᠳᠡᠯᠬᠦ ᠦᠭᠡᠢ ᠮᠦᠩᠬᠡᠷᠡᠬᠦ ᠪᠤᠯᠭᠠᠨ᠎ᠠ ᠭᠡᠵᠡᠢ᠃

    ᠨᠠᠨᠤᠮᠧᠲ᠋ᠷ ᠤᠨ ᠮᠠᠰᠢᠨ ᠬᠦᠮᠦᠨ ᠬᠤᠮᠬᠢ ᠴᠢᠰᠤᠨ ᠰᠤᠳᠠᠯ ᠢ ᠳᠠᠮᠵᠢᠨ ᠬᠤᠤᠷ ᠨᠦᠯᠦᠭᠡ ᠦᠬᠡᠢ ᠪᠡᠷ ᠶᠡᠬᠡ ᠲᠠᠷᠢᠬᠢᠨ ᠳᠤ ᠤᠷᠤᠵᠦ᠂ ᠶᠡᠬᠡ ᠲᠠᠷᠢᠬᠢᠨ ᠤ ᠪᠤᠷᠤ ᠳᠠᠪᠬᠤᠷᠭ᠎ᠠ ᠪᠤᠯᠤᠨ ᠡᠭᠦᠯᠡᠨ ᠪᠤᠳᠤᠯᠲᠠ ᠵᠢ ᠤᠶᠠᠯᠳᠤᠭᠤᠯᠵᠦ᠂ ᠰᠢᠨ᠎ᠡ ᠨᠢᠭᠡᠨ ᠪᠤᠷᠤ ᠳᠠᠪᠬᠤᠷᠭ᠎ᠠ ᠵᠢ ᠪᠦᠲᠦᠭᠡᠨ ᠬᠦᠮᠦᠰ ᠢ ᠢᠯᠡᠭᠦᠦ ᠨᠢᠭᠡᠨ ᠶᠡᠬᠡ ᠲᠠᠷᠢᠬᠢᠨ ᠤ ᠪᠤᠷᠤ ᠳᠠᠪᠬᠤᠷᠭ᠎ᠠ ᠲᠠᠢ ᠪᠤᠯᠭᠠᠨ᠎ᠠ᠃ ᠡᠨᠡᠬᠦ ᠰᠢᠨ᠎ᠡ ᠪᠤᠷᠤ ᠳᠠᠪᠬᠤᠷᠭ᠎ᠠ ᠨᠢ ᠬᠦᠮᠦᠰ ᠢ ᠤᠯᠠᠨ ᠰᠢᠨ᠎ᠡ ᠴᠢᠳᠠᠪᠬᠢ ᠲᠠᠢ ᠪᠤᠯᠭᠠᠵᠦ᠂ ᠤᠯᠠᠮ ᠶᠦᠮᠦᠷᠯᠢᠭ᠌᠂ ᠮᠡᠳᠡᠷᠡᠮᠵᠢ ᠰᠠᠶᠢᠲᠠᠢ᠂ ᠶᠠᠷᠢᠵᠦ ᠢᠯᠡᠳᠬᠡᠬᠦ ᠳᠤ ᠴᠢᠳᠠᠮᠠᠭᠠᠢ ᠪᠤᠯᠭᠠᠨ᠎ᠠ ᠭᠡᠵᠦ ᠺᠦᠷᠽᠧᠢᠦ᠋ᠯ ᠶᠠᠷᠢᠵᠦ ᠪᠠᠶᠢᠯ᠎ᠠ᠃

    ᠺᠦᠷᠽᠧᠢᠦ᠋᠋ᠯ ᠤᠨ ᠲᠠᠶᠢᠯᠪᠤᠷᠢᠯᠠᠬᠰᠠᠨ ᠢᠶᠡᠷ᠂ ᠰᠤᠳᠠᠯ ᠳᠤᠲᠤᠷᠠᠬᠢ ᠨᠠᠨᠤᠮᠧᠲ᠋ᠷ ᠤᠨ ᠮᠠᠰᠢᠨ ᠬᠦᠮᠦᠨ ᠳᠠᠷᠬᠠᠯᠠᠭ᠎ᠠ ᠶᠢᠨ ᠦᠢᠯᠡᠳᠦᠯ ᠪᠠᠳᠠᠷᠠᠭᠤᠯᠵᠦ᠂ ᠴᠢᠰᠤᠨ ᠤ ᠪᠦᠯᠦᠡᠭ᠌ ᠂ ᠬᠠᠪᠤᠳᠠᠷ ᠵᠡᠷᠭᠡ ᠪᠤᠵᠠᠷ ᠪᠤᠳᠠᠰ ᠢ ᠴᠡᠪᠡᠷᠯᠡᠨ ᠡᠪᠡᠳᠴᠢᠨ ᠢ ᠠᠷᠢᠯᠭᠠᠨ᠎ᠠ᠃ ᠪᠠᠰᠠ DNA ᠶ᠋ᠢᠨ ᠪᠤᠷᠤᠭᠤ ᠵᠢ ᠵᠠᠯᠠᠷᠠᠭᠤᠯᠵᠦ᠂ ᠦᠳᠡᠯᠬᠦ ᠴᠢᠭᠯᠡᠯ ᠢ ᠦᠭᠡᠷᠡᠴᠢᠯᠡᠨ᠂ ᠬᠦᠮᠦᠰ ᠢ ᠨᠢᠭᠡ ᠵᠢᠯ ᠦᠩᠭᠡᠷᠡᠭᠦ ᠪᠦᠷᠢ ᠨᠢᠭᠡ ᠨᠠᠰᠤ ᠨᠡᠮᠡᠭᠳᠡᠬᠦᠯᠵᠦ᠂ ᠮᠦᠩᠭᠡᠷᠡᠬᠦ ᠳᠤ ᠬᠦᠷᠦᠭᠦᠯᠦᠨ᠎ᠡ᠃ 《 ᠬᠦᠮᠦᠰ ᠤᠨ ᠠᠮᠢ ᠨᠠᠰᠤ ᠨᠡᠮᠡᠭᠳᠡᠭᠡᠳ ᠨᠢᠭᠡ ᠬᠡᠮᠵᠢᠶᠡᠨ ᠳᠤ ᠬᠦᠷᠬᠦ ᠳᠤ ᠂ ᠠᠮᠢᠳᠤᠷᠠᠯ ᠤᠷᠢᠳ ᠭᠠᠷᠤᠭ᠎ᠠ ᠦᠭᠡᠢ ᠤᠶᠢᠳᠬᠠᠷ ᠲᠠᠢ ᠪᠤᠯᠤᠨ᠎ᠠ》ᠭᠡᠵᠦ ᠺᠦᠷᠽᠧᠢᠦ᠋ᠯ ᠱᠤᠬᠯᠠᠨ ᠶᠠᠷᠢᠵᠦ ᠪᠠᠶᠢᠪᠠ᠃

 

ᠢᠷᠡᠯᠳᠡ᠄ ᠯᠠᠪᠯᠠᠯᠲᠠ ᠶᠢᠨ ᠮᠡᠳᠡᠭᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120711118799815