蒙古文网站Logo
ᠰᠢᠨᠬᠤᠸᠠ ᠮᠤᠩᠭ᠋ᠤᠯ ᠨᠧᠲ

ᠲᠠᠪᠤᠨ ᠰᠠᠷ᠎ᠠ ᠳᠤ ᠰᠡᠷᠬᠡᠨᠤᠳ᠂ ᠭᠦᠷᠡᠭᠡᠨ ᠤ ᠬᠠᠪᠤᠳᠠᠷ᠂ ᠤᠯᠠᠭᠠᠨ ᠡᠰᠡᠷᠭᠡᠨ᠎᠎ᠠ ᠵᠡᠷᠭᠡ ᠡᠪᠡᠳᠴᠢᠨ ᠡᠴᠡ ᠰᠡᠷᠭᠡᠶᠢᠯᠡᠬᠦ ᠬᠡᠷᠡᠭᠲᠡᠢ

2016-05-09 10:48

    ᠰᠢᠨᠬᠤᠸᠠ ᠬᠤᠷᠢᠶ᠎ᠠ  ᠵᠢᠨᠠᠨ ᠤ 5 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠸᠠᠩ ᠬᠠᠢ ᠶᠢᠩ) ᠲᠠᠪᠤᠨ ᠰᠠᠷ᠎ᠠ ᠳᠤ᠂ ᠭᠡᠳᠡᠰᠦᠨ ᠤ ᠪᠠ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠠᠮᠠᠷᠬᠠᠨ ᠡᠭᠦᠰᠳᠡᠭ᠃ ᠵᠢᠨᠠᠨ ᠬᠤᠲᠠ ᠶᠢᠨ ᠡᠪᠡᠳᠴᠢᠨ ᠢ ᠰᠡᠷᠭᠡᠶᠢᠯᠡᠬᠦ ᠲᠦᠪ ᠤᠨ ᠮᠡᠷᠭᠡᠵᠢᠯᠲᠡᠨ ᠡᠨᠡ ᠤᠯᠠᠷᠢᠯ ᠳᠤ ᠰᠢᠯᠦᠬᠡᠢ ᠡᠪᠡᠳᠴᠢᠨ ᠢ ᠰᠡᠷᠭᠡᠶᠢᠯᠡᠬᠦ ᠡᠴᠡ ᠭᠠᠳᠠᠨ᠎ᠠ ᠪᠠᠰᠠ ᠰᠡᠷᠬᠡᠨᠤᠳ᠂ ᠭᠦᠷᠡᠭᠡᠨ ᠤ ᠬᠠᠪᠤᠳᠠᠷ᠂ ᠤᠯᠠᠭᠠᠨ ᠡᠰᠡᠷᠭᠡᠨ᠎᠎ᠠ ᠵᠡᠷᠭᠡ ᠡᠪᠡᠳᠴᠢᠨ ᠡᠴᠡ ᠰᠡᠷᠭᠡᠶᠢᠯᠡᠬᠦ ᠬᠡᠷᠡᠭᠲᠡᠢ ᠭᠡᠵᠡᠢ᠃

    ᠰᠡᠷᠬᠡᠨᠤᠳ ᠨᠢ ᠲᠦᠷᠭᠡᠨ ᠴᠢᠨᠠᠷᠲᠠᠢ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠶᠤᠮ᠂ ᠠᠷᠠᠰᠤᠨ ᠳᠡᠭᠡᠷ᠎ᠡ ᠲᠤᠯᠪᠤ ᠡᠰᠡᠷᠭᠡᠨ᠎ᠡ᠂ ᠴᠦᠪᠦᠷᠢᠭᠦᠦ ᠭᠠᠷᠴᠤ ᠪᠠᠰᠠ ᠬᠠᠯᠠᠭᠤᠷᠠᠬᠤ᠂ ᠲᠤᠯᠤᠭᠠᠢ ᠡᠪᠡᠳᠬᠦ᠂ ᠬᠤᠭᠤᠯᠠᠢ ᠡᠪᠡᠳᠬᠦ ᠵᠡᠷᠭᠡ ᠢᠯᠡᠷᠡᠯ ᠭᠠᠷᠳᠠᠬ᠃ ᠰᠡᠷᠬᠡᠨᠤᠳ ᠵᠢ ᠰᠡᠷᠭᠡᠶᠢᠯᠡᠬᠦ ᠳᠤ ᠦᠷᠦᠭᠡᠨ ᠳᠡᠭᠡᠨ ᠰᠠᠯᠬᠢ ᠨᠡᠪᠲᠡᠷᠡᠭᠦᠯᠵᠦ᠂ ᠰᠤᠷᠭᠠᠭᠤᠯᠢ ᠵᠡᠷᠭᠡ ᠤᠯᠠᠨ ᠨᠡᠶᠢᠲᠡ ᠶᠢᠨ ᠲᠠᠯᠠᠪᠤᠷ ᠢ ᠦᠷᠭᠦᠯᠵᠢ ᠠᠷᠢᠭᠤᠳᠬᠠᠬᠤ ᠴᠢᠬᠤᠯᠠᠲᠠᠢ᠃ ᠡᠪᠡᠳᠴᠢᠨ ᠤ ᠪᠠᠶᠢᠳᠠᠯ ᠢᠯᠡᠷᠡᠪᠡᠯ ᠳᠠᠷᠤᠶᠢᠬᠠᠨ ᠲᠤᠰᠠᠭᠠᠷᠯᠠᠵᠦ ᠡᠮᠨᠡᠭᠦᠯᠬᠦ ᠬᠡᠷᠡᠭᠲᠡᠢ᠃

    ᠳᠡᠯᠭᠡᠷᠡᠵᠦ ᠪᠠᠶᠢᠭ᠎ᠠ ᠭᠦᠷᠡᠭᠡᠨ ᠤ ᠬᠠᠪᠤᠳᠠᠷ ᠨᠢ ᠮᠦᠨ ᠲᠦᠷᠭᠡᠨ ᠴᠢᠨᠠᠷᠲᠠᠢ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ᠃ ᠬᠠᠯᠠᠭᠤᠷᠠᠵᠦ ᠲᠤᠯᠤᠭᠠᠢ ᠡᠪᠡᠳᠬᠦ᠂ ᠳᠠᠭᠠᠷᠠᠬᠤ᠂ ᠲᠠᠮᠢᠷᠳᠠᠬᠤ᠂ ᠢᠳᠡᠭᠡᠨ ᠤ ᠳᠤᠷᠠᠰᠢᠯ ᠮᠠᠭᠤᠳᠠᠬᠤ ᠵᠡᠷᠭᠡ ᠢᠯᠡᠷᠡᠯ ᠭᠠᠷᠴᠤ ᠨᠢᠭᠡ ᠲᠠᠯ᠎ᠠ ᠶᠢᠨ ᠪᠤᠶᠤ ᠬᠤᠶᠠᠷ ᠲᠠᠯ᠎ᠠ ᠶᠢᠨ ᠭᠦᠷᠡᠭᠡᠨ ᠤ ᠪᠤᠯᠴᠢᠷᠬᠠᠢ ᠬᠠᠪᠤᠳᠴᠤ ᠡᠪᠡᠳᠦᠳᠡᠭ᠃ ᠡᠪᠡᠳᠴᠢᠨ ᠤ ᠸᠠᠺᠼᠢᠨ ᠲᠠᠷᠢᠭᠤᠯᠬᠤ ᠨᠢ ᠬᠠᠮᠤᠬ ᠤᠨ ᠰᠠᠶᠢᠨ ᠰᠡᠷᠭᠡᠶᠢᠯᠡᠬᠦ ᠦᠢᠯᠡᠳᠦᠯ ᠲᠠᠢ᠃

    ᠤᠯᠠᠭᠠᠨ ᠡᠰᠡᠷᠭᠡᠨ᠎ᠠ ᠡᠪᠡᠳᠴᠢᠨ ᠬᠠᠯᠠᠭᠤᠷᠠᠬᠤ᠂ ᠵᠠᠯᠭᠢᠭᠤᠷ ᠦᠷᠪᠢᠰᠦᠬᠦ᠂ ᠪᠦᠬᠦ ᠪᠡᠶ᠎ᠡ ᠳᠡᠭᠡᠷ᠎ᠡ ᠡᠰᠡᠷᠭᠡᠨ᠎ᠡ ᠭᠠᠷᠬᠤ ᠵᠡᠷᠭᠡ ᠢᠯᠡᠷᠡᠯ ᠲᠠᠢ᠃ ᠭᠤᠤᠯᠳᠠᠭᠤ ᠪᠠᠭᠠᠴᠤᠳ ᠬᠡᠦᠬᠡᠳ ᠡᠨᠡ ᠡᠪᠡᠳᠴᠢᠨ ᠳᠤ ᠨᠡᠷᠪᠡᠭ᠍ᠳᠡᠳᠡᠭ᠃ ᠰᠤᠷᠭᠠᠭᠤᠯᠢ ᠵᠡᠷᠭᠡ ᠤᠯᠠᠨ ᠨᠡᠶᠢᠲᠡ ᠶᠢᠨ ᠲᠠᠯᠠᠪᠤᠷ ᠡᠷᠲᠡ ᠶᠢᠨ ᠪᠠᠶᠢᠴᠠᠭᠠᠯᠲᠠ ᠵᠢ ᠰᠠᠶᠢᠲᠤᠷ ᠬᠢᠵᠦ᠂ ᠡᠪᠡᠳᠴᠢᠨ ᠤ ᠪᠠᠶᠢᠳᠠᠯ ᠢᠯᠡᠷᠡᠪᠡᠯ ᠳᠠᠷᠤᠶᠢᠬᠠᠨ ᠡᠮᠨᠡᠭᠦᠯᠬᠦ ᠬᠡᠷᠡᠭᠲᠡᠢ᠃ ᠪᠠᠭᠠᠴᠤᠳ ᠬᠡᠦᠬᠡᠳ ᠡᠳᠦᠷ ᠳᠤᠲᠤᠮ ᠲᠠᠮᠢᠷ ᠤᠨ ᠬᠦᠳᠡᠯᠭᠡᠭᠡᠨ ᠳᠤ ᠢᠯᠡᠭᠦᠬᠡᠨ ᠤᠷᠤᠯᠴᠠᠵᠦ᠂ ᠳᠠᠷᠬᠠᠯᠠᠭ᠎ᠠ ᠪᠡᠨ ᠨᠡᠮᠡᠭᠳᠡᠬᠦᠯᠪᠡᠯ ᠲᠤᠰ ᠡᠪᠡᠳᠴᠢᠨ ᠳᠤ ᠨᠡᠷᠪᠡᠭ᠍ᠳᠡᠬᠦ ᠡᠴᠡ ᠪᠦᠲᠦᠮᠵᠢᠲᠡᠢ ᠰᠡᠷᠭᠡᠶᠢᠯᠡᠵᠦ ᠴᠢᠳᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118830016