蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠡᠮ ᠡᠮᠨᠡᠯᠬᠡ ᠶᠢᠨ ᠦᠢᠯᠡᠰ ᠤᠨ ᠭᠦᠭ᠍ᠵᠢᠯᠲᠠ ᠶᠢᠨ ᠲᠤᠬᠠᠢ ᠵᠦᠪᠯᠡᠬᠦ ᠬᠤᠷᠠᠯ ᠪᠤᠯᠪᠠ

2016-06-30 18:06

    6 ᠰᠠᠷ᠎ᠠ ᠶᠢᠨ 29᠎ ᠤ ᠦᠳᠡ ᠶᠢᠨ ᠡᠮᠦᠨ᠎ᠡ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠲᠤᠰᠬᠠᠢ ᠰᠡᠳᠦᠪ ᠢᠶᠠᠷ ᠵᠦᠪᠯᠡᠬᠦ ᠬᠤᠷᠠᠯ ᠬᠤᠷᠠᠯᠲᠤᠪᠠ᠃    

    ᠬᠤᠷᠠᠯ ᠠᠴᠠ᠂ ᠮᠤᠩᠭ᠋ᠤᠯ ᠡᠮ ᠡᠮᠨᠡᠯᠭᠡ ᠶᠢᠨ ᠦᠢᠯᠡᠰ ᠢ ᠶᠡᠬᠡᠪᠡᠷ ᠬᠦᠭ᠍ᠵᠢᠬᠦᠯᠬᠦ ᠨᠢ ᠡᠬᠡ ᠤᠯᠤᠰ ᠤᠨ ᠦᠨᠳᠦᠰᠦᠲᠡᠨ ᠤ ᠡᠮ ᠡᠮᠨᠡᠯᠭᠡ ᠶᠢᠨ ᠤᠬᠠᠭᠠᠨ ᠤ ᠡᠷᠳᠡᠨᠢ ᠶᠢᠨ ᠬᠦᠮᠦᠷᠭᠡ ᠶᠢ ᠪᠠᠶᠠᠯᠢᠬᠵᠢᠭᠤᠯᠬᠤ᠂ ᠳᠤᠮᠳᠠᠳᠦ ᠶᠢᠨ ᠦᠨᠳᠦᠰᠦᠲᠠᠨ ᠤ ᠤᠯᠠᠮᠵᠢᠯᠠᠯᠲᠦ ᠰᠤᠶᠤᠯ ᠢ ᠬᠠᠮᠠᠭᠠᠯᠠᠨ ᠣᠯᠠᠮᠵᠢᠯᠠᠨ ᠵᠠᠯᠭᠠᠮᠵᠢᠯᠠᠬᠤ᠂ ᠠᠵᠦ ᠠᠬᠤᠢ ᠨᠡᠶᠢᠭᠡᠮ ᠤᠨ ᠭᠦᠭ᠍ᠵᠢᠯᠲᠡ ᠶᠢ ᠠᠬᠢᠭᠤᠯᠬᠤ᠂ ᠠᠷᠠᠳ ᠤᠯᠠᠨ ᠤ ᠡᠷᠡᠭᠦᠯ ᠴᠢᠬᠢᠷᠠᠭ ᠢ ᠪᠠᠲᠤᠯᠠᠬᠤ ᠳᠤ ᠴᠢᠬᠤᠯᠠ ᠠᠴᠢ ᠬᠤᠯᠪᠤᠬᠳᠠᠯ ᠲᠠᠢ᠃ ᠤᠢᠢᠷ᠎ᠠ ᠶᠢᠨ ᠵᠢᠯ ᠳᠤ ᠤᠯᠤᠰ ᠪᠤᠯᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠬᠦᠨᠳᠦᠳᠭᠡᠯ ᠪᠤᠯᠤᠨ ᠳᠡᠮᠵᠢᠯᠭᠡ ᠳᠤᠤᠷ᠎ᠠ᠂ ᠮᠠᠨ ᠤ ᠤᠷᠤᠨ ᠤ ᠮᠤᠩᠭ᠋ᠤᠯ ᠡᠮ ᠡᠮᠨᠡᠯᠭᠡ ᠶᠢᠨ ᠦᠢᠯᠡᠰ ᠳᠠᠰᠤᠷᠠᠯᠳᠠ ᠦᠬᠡᠢ ᠭᠦᠭ᠍ᠵᠢᠨ ᠪᠤᠵᠠᠭᠠᠢᠢᠷᠠᠵᠠᠢ᠃ ᠬᠤᠶᠢᠰᠢᠳᠠ᠂ ᠮᠤᠩᠭ᠋ᠤᠯ ᠡᠮ ᠡᠮᠨᠡᠯᠭᠡ ᠶᠢᠨ ᠦᠢᠯᠡᠰ ᠤᠨ ᠭᠦᠭ᠍ᠵᠢᠯᠲᠡ ᠶᠢ ᠠᠬᠢᠭᠤᠯᠬᠤ ᠳᠤ ᠦᠪᠦᠷ ᠮᠤᠩᠭ᠋ᠤᠯ ᠤᠨ13·5》ᠲᠦᠰᠦᠯ ᠶᠢᠡᠷ ᠵᠢᠯᠤᠭᠤᠳᠤᠯᠭ᠎ᠠ ᠪᠤᠯᠭᠠᠵᠦ᠂ ᠮᠤᠩᠭ᠋ᠤᠯ ᠡᠮ ᠡᠮᠨᠡᠯᠭᠡ ᠶᠢᠨ ᠬᠦᠭ᠍ᠵᠢᠯᠲᠡ ᠶᠢᠨ ᠪᠠᠶᠢᠭᠤᠯᠤᠮᠵᠢ ᠲᠤᠬᠲᠠᠴᠠ ᠶᠢ ᠪᠠᠶᠢᠭᠤᠯᠤᠨ ᠳᠡᠭᠦᠯᠳᠡᠷᠵᠢᠬᠦᠯᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠲᠦᠷᠦ ᠶᠢᠨ ᠪᠤᠳᠤᠯᠭ᠎ᠠ ᠶᠢᠨ ᠳᠡᠮᠵᠢᠬᠦ ᠡᠷᠴᠢᠮ ᠢᠶᠠᠨ ᠴᠢᠩᠭ᠋ᠠᠷᠠᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭ᠍ᠰᠢᠯᠡᠬᠦᠯᠵᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠦᠨᠳᠦᠳᠭᠡᠨ᠂ ᠠᠵᠦ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠮᠤᠩᠭ᠋ᠤᠯ ᠡᠮ ᠡᠮᠨᠡᠯᠭᠡ ᠶᠢᠨ ᠦᠢᠯᠡᠰ ᠢ ᠬᠦᠭ᠍ᠵᠢᠬᠦᠯᠬᠦ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠴᠢᠨᠠᠭᠰᠢᠳᠠ ᠳᠡᠭᠡᠭ᠍ᠰᠢᠯᠡᠬᠦᠯᠵᠦ᠂ ᠪᠦᠬᠦ ᠨᠡᠶᠢᠭᠡᠮ ᠤᠨ ᠮᠤᠩᠭ᠋ᠤᠯ ᠡᠮ ᠡᠮᠨᠡᠯᠭᠡ ᠶᠢ ᠮᠡᠳᠡᠷᠡᠬᠦ ᠰᠡᠳᠬᠢᠯᠭᠡ᠂ ᠮᠡᠳᠡᠬᠦ ᠬᠡᠮᠵᠢᠶ᠎ᠡ ᠪᠤᠯᠤᠨ ᠬᠡᠷᠡᠭᠯᠡᠬᠦ ᠨᠤᠷᠮ᠎ᠠ ᠶᠢ ᠲᠠᠰᠤᠷᠠᠯᠳᠠ ᠦᠬᠡᠢ ᠳᠡᠭᠡᠭ᠍ᠰᠢᠯᠡᠬᠦᠯᠵᠦ᠂ ᠳᠤᠲᠠᠭᠤᠳᠠᠯ ᠢᠶᠠᠨ ᠨᠦᠬᠦᠪᠦᠷᠢᠯᠡᠵᠦ᠂ ᠲᠦᠷᠦᠯ ᠳᠡᠮᠳᠡᠭ ᠡᠭᠦᠳᠴᠦ᠂ ᠬᠤᠷᠳᠦᠴᠡ ᠪᠠᠨ ᠲᠦᠷᠭᠡᠳᠭᠡᠵᠦ᠂ ᠮᠤᠩᠭ᠋ᠤᠯ ᠡᠮ ᠡᠮᠨᠡᠯᠭᠡ ᠶᠢᠨ ᠦᠢᠯᠡᠰ ᠤᠨ ᠡᠮ ᠡᠮᠨᠡᠯᠭᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠬᠦᠯᠬᠦ ᠪᠤᠯᠤᠨ ᠡᠷᠡᠭᠦᠯ ᠰᠠᠷᠠᠭᠤᠯ ᠦᠪᠦᠷ ᠮᠤᠩᠭ᠋ᠤᠯ ᠢ ᠪᠦᠲᠦᠭᠡᠨ ᠪᠠᠶᠢᠭᠤᠯᠬᠤ ᠳᠤᠮᠳᠠᠬᠢ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ ᠭᠡᠵᠡᠢ᠃      

    ᠬᠤᠷᠠᠯ ᠠᠴᠠ ᠡᠮᠦᠨᠡᠬᠡᠨ᠂ ᠦᠪᠦᠷ ᠮᠤᠩᠭ᠋ᠤᠯ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠬᠤ ᠳᠤᠭᠤᠢᠢᠯᠠᠩ ᠵᠣᠬᠢᠶᠠᠨ ᠪᠠᠶᠢᠭᠤᠯᠣᠨ ᠬᠠᠮᠢᠶ᠎ᠠ ᠲᠠᠢ ᠠᠶᠢᠮᠠᠭ ᠬᠤᠲᠠ ᠪᠤᠯᠤᠨ ᠲᠦᠪᠡᠳ᠂ ᠬᠦᠬᠡᠨᠠᠭᠤᠷ ᠵᠡᠷᠭᠡ ᠭᠠᠵᠠᠷ ᠲᠤ ᠬᠦᠷᠴᠦ ᠬᠦᠨᠵᠡᠬᠡᠢ ᠪᠠᠶᠢᠴᠠᠭᠠᠨ ᠰᠤᠳᠤᠯᠤᠯᠲᠠ ᠬᠢᠵᠦ᠂ᠦᠪᠦᠷ ᠮᠤᠩᠭ᠋ᠤᠯ ᠤᠨ ᠮᠤᠩᠭ᠋ᠤᠯ ᠡᠮ ᠡᠮᠨᠡᠯᠭᠡ ᠶᠢᠨ ᠦᠢᠯᠡᠰ ᠤᠨ ᠬᠦᠭ᠍ᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ》 ᠶᠢ ᠪᠦᠷᠢᠯᠳᠦᠭᠦᠯᠵᠡᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119143469