蒙古文网站Logo
ᠰᠢᠨᠬᠤᠸᠠ ᠮᠤᠩᠭ᠋ᠤᠯ ᠨᠧᠲ

ᠴᠠᠭ ᠨᠡᠮᠡᠵᠦ ᠠᠵᠢᠯᠯᠠᠬᠤ ᠨᠢ ᠡᠮᠡᠭᠲᠡᠢᠢᠴᠦᠳ ᠤᠨ ᠡᠷᠡᠬᠦᠯ ᠮᠡᠨᠲᠦ ᠶᠢ ᠶᠡᠬᠡ ᠪᠡᠷ ᠨᠦᠯᠦᠭᠡᠯᠡᠲᠡᠭ

2016-07-07 17:11

    ᠠᠮᠸᠷᠢᠺᠠ ᠶᠢᠨ 《ᠲᠤᠬᠠᠢᠢᠯᠠᠭᠰᠠᠨ ᠠᠵᠢᠯ ᠪᠤᠯᠤᠨ ᠤᠷᠴᠢᠨ ᠲᠤᠭᠤᠷᠢᠨ ᠠᠨᠠᠭᠠᠬᠤ ᠤᠬᠠᠭᠠᠨ》ᠰᠡᠳᠭᠦᠯ ᠳ᠋ᠤ ᠨᠡᠢᠢᠲᠡᠯᠡᠭᠰᠡᠨ ᠰᠤᠲᠤᠯᠭᠠᠨ ᠤ ᠦᠭᠦᠯᠡᠯ ᠳ᠋ᠤ ᠬᠡᠯᠡᠬᠦ ᠳ᠋ᠡᠭᠡᠨ᠂ ᠴᠠᠭ ᠨᠡᠮᠡᠵᠦ ᠠᠵᠢᠯᠯᠠᠬᠤ ᠨᠢ ᠡᠮᠡᠭᠲᠡᠢᠢᠴᠤᠳ ᠤᠨ ᠡᠷᠡᠬᠦᠯ ᠮᠡᠨᠲᠦ ᠶᠢ ᠶᠡᠬᠡ ᠪᠡᠷ ᠨᠦᠯᠦᠭᠡᠯᠡᠲᠡᠭ᠂ ᠦᠮᠠᠨ ᠡᠪᠡᠳᠴᠢᠨ᠂ ᠵᠢᠷᠦᠬᠡᠨ ᠤ ᠡᠪᠡᠳᠴᠢᠨ ᠳ᠋ᠤ ᠨᠡᠷᠪᠡᠭ᠍ᠲᠡᠬᠦ ᠠᠶᠤᠯ ᠨᠢ ᠭᠤᠷᠪᠠᠨ ᠲᠠᠬᠢᠨ ᠪᠤᠯᠲᠠᠭ᠃ ᠡᠷᠡᠭᠲᠡᠢᠢᠴᠦᠳ ᠴᠠᠭ ᠨᠡᠮᠡᠵᠦ ᠠᠵᠢᠯᠯᠠᠬᠤ ᠳ᠋ᠤ ᠲᠠᠮᠠᠢ ᠶᠡᠬᠡ ᠨᠦᠯᠦᠭᠡ ᠪᠤᠯᠲᠠᠭ ᠦᠭᠡᠢ᠂ ᠴᠢᠨᠠᠭᠰᠢᠯᠠᠪᠠᠯ ᠵᠠᠷᠢᠮ ᠲᠠᠯ᠎ᠠ ᠪᠡᠷ ᠪᠠᠶ᠎ᠠ ᠶᠢᠨ ᠡᠷᠡᠭᠦᠯ ᠮᠡᠨᠳᠦ ᠳ᠋ᠤ ᠲᠤᠰᠠᠲᠠᠢ ᠪᠠᠢᠢᠲᠠᠭ᠃

    ᠠᠮᠸᠷᠢᠺᠠ ᠶᠢᠨ ᠰᠤᠲᠤᠯᠭᠠᠲᠠᠳ 7500 ᠭᠠᠷᠤᠢ ᠬᠦᠮᠦᠨ ᠤ 32 ᠵᠢᠯ ᠤᠨ ᠠᠵᠢᠯ ᠰᠤᠷᠤᠯᠴᠠᠯᠭ᠎ᠠ ᠠᠮᠢᠲᠤᠷᠠᠯ ᠳ᠋ᠤ ᠪᠠᠢᠢᠴᠠᠭᠠᠯᠲᠠ ᠬᠢᠭᠡᠳ 72ᠬᠦᠮᠦᠨ ᠭᠠᠷᠠᠭ ᠲᠤ 40 ᠴᠠᠭ ᠢᠯᠡᠬᠦᠦ ᠠᠵᠢᠯᠯᠠᠵᠤ ᠪᠠᠢᠢᠬᠤ ᠶᠢ ᠲᠡᠮᠲᠡᠭᠯᠡᠵᠡᠢ᠃ ᠪᠠᠢᠢᠴᠠᠭᠠᠯᠲᠠ ᠶᠢᠨ ᠢᠯᠡᠷᠡᠬᠦᠯᠦᠭᠰᠡᠨ ᠶᠢᠡᠷ᠂ ᠡᠮᠡᠭᠲᠡᠢᠢᠴᠦᠳ ᠤᠲᠠᠭᠠᠨ ᠵᠢᠯ ᠶᠢᠡᠷ ᠴᠠᠭ ᠨᠡᠮᠡᠵᠦ ᠠᠵᠢᠯᠯᠠᠬᠤ ᠨᠢ ᠡᠷᠲᠡ ᠦᠬᠦᠬᠦ ᠪᠤᠯᠤᠯᠴᠠᠭ᠎ᠠ ᠲᠠᠢ᠂ ᠭᠠᠷᠠᠭ ᠲᠤ 60 ᠴᠠᠭ ᠡᠴᠡ ᠲᠡᠭᠡᠭ᠍ᠰᠢ ᠠᠵᠢᠯᠯᠠᠬᠤ ᠳ᠋ᠤ ᠬᠦᠷᠪᠡᠯ ᠵᠢᠷᠦᠬᠡᠨ ᠡᠪᠡᠳᠴᠢᠨ᠂ ᠦᠮᠠᠨ ᠡᠪᠡᠳᠴᠢᠨ᠂ ᠰᠢᠬᠢᠷ ᠰᠢᠵᠢᠩ ᠡᠪᠡᠳᠴᠢᠨ᠂ ᠦᠶ᠎ᠠ ᠭᠡᠰᠢᠭᠦᠨ ᠤ ᠦᠷᠪᠢᠰᠦᠯ ᠳ᠋ᠤ ᠨᠡᠷᠪᠡᠭ᠍ᠲᠡᠬᠦ ᠪᠤᠯᠤᠮᠵᠢ ᠦᠨᠳᠦᠷ ᠪᠠᠢᠢᠲᠠᠭ᠃ ᠭᠡᠬᠦ ᠳ᠋ᠡᠭᠡᠨ ᠡᠷᠡᠭᠲᠡᠢᠢᠴᠤᠳ ᠤᠨ ᠬᠤᠪᠢ ᠳ᠋ᠤ ᠴᠠᠭ ᠨᠡᠮᠡᠵᠦ ᠠᠵᠢᠯᠯᠠᠬᠤ ᠨᠢ ᠪᠠᠶ᠎ᠠ ᠶᠢᠨ ᠡᠷᠡᠬᠦᠯ ᠮᠡᠨᠲᠦ ᠳ᠋ᠤ ᠲᠠᠮᠠᠢ ᠶᠡᠬᠡ ᠨᠦᠯᠦᠭᠡ ᠪᠤᠯᠲᠠᠭ ᠦᠭᠡᠢ᠃ ᠭᠠᠷᠠᠭ ᠲᠤ 41 ᠡᠴᠡ 50 ᠴᠠᠭ ᠠᠵᠢᠯᠯᠠᠭᠰᠠᠨ ᠡᠷᠡᠭᠲᠡᠢᠢᠴᠦᠳ  ᠭᠠᠷᠠᠭ ᠲᠤ 40 ᠴᠠᠭ ᠡᠴᠡ ᠪᠠᠭ᠎ᠠ ᠠᠵᠢᠯᠯᠠᠭᠰᠠᠨ ᠡᠷᠡᠭᠲᠡᠢᠢᠴᠦᠳ ᠲᠠᠢ ᠬᠠᠷᠢᠴᠠᠭᠤᠯᠪᠠᠯ ᠵᠢᠷᠦᠬᠡᠨ ᠡᠪᠡᠳᠴᠢᠨ᠂ ᠠᠭᠤᠰᠬᠢᠨ ᠤ ᠦᠷᠪᠢᠰᠦᠯ ᠳ᠋ᠤ ᠨᠡᠷᠪᠡᠭ᠍ᠲᠡᠬᠦ ᠪᠤᠯᠤᠯᠴᠠᠭ᠎ᠠ ᠨᠢ ᠪᠠᠭ᠎ᠠ ᠪᠠᠢᠢᠲᠠᠭ᠃ ᠰᠤᠲᠤᠯᠭᠠᠲᠠᠳ ᠤᠨ ᠦᠵᠡᠬᠦ ᠪᠡᠷ᠂ ᠡᠨᠡᠬᠦ ᠵᠦᠷᠢᠶ᠎ᠠ ᠨᠢ ᠡᠮᠡᠭᠲᠡᠢᠢᠴᠦᠳ ᠤᠨ ᠭᠡᠷ ᠪᠦᠯᠢ ᠶᠢᠨ ᠲᠠᠷᠤᠭᠠᠰᠤ ᠵᠡᠷᠭᠡ ᠡᠴᠡ ᠰᠢᠯᠲᠠᠭᠠᠯᠠᠭᠲᠠᠵᠤ ᠴᠠᠭ ᠨᠡᠮᠡᠵᠦ ᠠᠵᠢᠯᠯᠠᠬᠤ ᠨᠢ ᠤᠯᠠᠮ ᠢᠯᠡᠬᠦᠦ ᠲᠠᠷᠤᠭᠠᠰᠤ ᠲᠠᠢ ᠪᠤᠯᠭᠠᠲᠠᠭ᠃ ᠠᠩᠭ᠍ᠯᠢ ᠶᠢᠨ《ᠡᠲᠦᠷ ᠪᠦᠷᠢ ᠶᠢᠨ ᠰᠢᠤᠲᠠᠨ ᠰᠤᠨᠢᠨ》 ᠤ ᠮᠡᠲᠡᠭᠡᠯᠡᠭᠰᠡᠨ ᠶᠢᠡᠷ᠂ ᠡᠨᠡᠬᠦ ᠪᠠᠢᠢᠴᠠᠭᠠᠯᠲᠠ ᠶᠢᠨ ᠳ᠋ᠦᠩ ᠨᠢ ᠡᠷᠲᠡ ᠦᠶ᠎ᠠ ᠶᠢᠨ ᠬᠢ ᠪᠤᠯᠤᠨ᠎ᠠ᠂ ᠰᠡᠭᠦᠯ ᠤᠨ ᠦᠶ᠎ᠠ ᠳ᠋ᠤ ᠨᠠᠰᠤ ᠨᠡᠮᠡᠭᠲᠡᠬᠦ ᠶᠢ ᠲᠠᠭᠠᠯᠲᠤᠨ ᠡᠪᠡᠳᠴᠢᠨ ᠨᠢ ᠤᠯᠠᠮ ᠡᠴᠡ ᠬᠦᠨᠲᠦᠷᠡᠲᠡᠭ᠂ ᠵᠠᠯᠠᠭᠤ ᠶᠢᠨ ᠦᠶ᠎ᠠ ᠳ᠋ᠡᠭᠡᠨ ᠴᠠᠭ ᠨᠡᠮᠡᠵᠦ ᠠᠵᠢᠯᠯᠠᠬᠤ ᠨᠢ ᠦᠲᠡᠯᠦᠭᠡ ᠨᠠᠰᠤᠨ ᠤ ᠠᠮᠢᠲᠤᠷᠠᠯ ᠢ ᠲᠦᠢᠯ ᠶᠢᠡᠷ ᠨᠦᠯᠦᠭᠡᠯᠡᠲᠡᠭ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119182255