蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠷᠤᠭᠤᠯ ᠲᠠᠩᠨᠠᠢ ᠶᠢᠨ ᠬᠦᠭ᠍ᠵᠢᠯ ᠤᠨ ᠪᠡᠷᠬᠡᠰᠢᠶᠡᠯ ᠲᠠᠢ ᠬᠡᠦᠬᠡᠳ ᠲᠤ ᠲᠦᠯᠦᠪᠦᠷᠢ ᠦᠭᠡᠢ ᠡᠮᠴᠢᠯᠡᠭᠡ ᠬᠢᠵᠦ ᠦ᠍ᠭ᠍ᠬᠦ ᠪᠡᠷ ᠪᠠᠢᠢᠨ᠎ᠠ

2016-07-26 11:22

    ᠰᠢᠨᠬᠤᠸᠠ ᠬᠤᠷᠢᠶ᠎ᠠ    ᠬᠦᠬᠡᠬᠤᠲᠠ ᠶᠢᠨ 7 ᠰᠠᠷ᠎ᠠ ᠶᠢᠨ 22 ᠤᠨ ᠡᠲᠦᠷ ᠤᠨ ᠲᠤᠰᠬᠠᠢ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠵᠢᠩ   ᠵᠠᠩ ᠯᠢ ᠨᠠ) ᠰᠤᠷᠪᠤᠯᠵᠢᠯᠠᠭᠴᠢ 22 ᠤᠨ ᠡᠲᠦᠷ ᠦᠪᠦᠷ ᠮᠤᠩᠭ᠋ᠤᠯ ᠤᠨ ᠪᠤᠶᠠᠨ ᠤ ᠦᠢᠯᠡᠰ ᠤᠨ ᠨᠡᠢᠢᠭᠡᠮᠯᠢᠭ᠌ ᠡᠴᠡ ᠤᠢᠢᠯᠠᠭᠠᠭᠰᠠᠨ ᠶᠢᠡᠷ᠂ ᠦᠪᠦᠷ ᠮᠤᠩᠭ᠋ᠤᠯ ᠤᠨ 7 ᠡᠮᠨᠡᠯᠭᠡ ᠶᠢᠨ ᠬᠤᠷᠢᠶ᠎ᠠ ᠤᠷᠤᠭᠤᠯ ᠲᠠᠩᠨᠠᠢ ᠶᠢᠨ ᠬᠦᠭ᠍ᠵᠢᠯ ᠤᠨ ᠪᠡᠷᠬᠡᠰᠢᠶᠡᠯ ᠲᠠᠢ ᠬᠡᠦᠬᠡᠳ ᠲᠤ ᠲᠦᠯᠦᠪᠦᠷᠢ ᠦᠭᠡᠢ ᠡᠮᠴᠢᠯᠡᠭᠡ ᠬᠢᠵᠦ ᠦ᠍ᠭ᠍ᠬᠦ ᠪᠡᠷ ᠪᠠᠢᠢᠨ᠎ᠠ᠃

    ᠲᠤᠰ ᠲᠦᠷᠦᠯ ᠵᠦᠢᠯ ᠢ ᠤᠯᠤᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠵᠦᠪᠯᠡᠯ᠂ ᠠᠮᠸᠷᠢᠺᠠ ᠶᠢᠨsmile train᠂ ᠲᠤᠮᠲᠠᠲᠤ ᠶᠢᠨ ᠪᠤᠶᠠᠨ ᠤ ᠦᠢᠯᠡᠰ ᠤᠨ ᠨᠡᠢᠢᠭᠡᠮᠯᠢᠭ᠌᠂ ᠲᠤᠮᠲᠠᠲᠤ ᠶᠢᠨ ᠠᠮᠠᠨ ᠬᠦᠨᠲᠡᠢ ᠶᠢᠨ ᠡᠮᠴᠢᠯᠡᠭᠡᠨ ᠤ ᠰᠤᠲᠤᠯᠭᠠᠨ ᠤ ᠨᠡᠢᠢᠭᠡᠮᠯᠢᠭ᠌ ᠬᠠᠮᠲᠤᠷᠠᠨ ᠵᠤᠬᠢᠶᠠᠨ ᠪᠠᠢᠢᠭᠤᠯᠵᠠᠢ᠃ ᠮᠠᠨ ᠤ ᠤᠯᠤᠰ ᠤᠨ ᠤᠷᠤᠭᠤᠯ ᠲᠠᠩᠨᠠᠢ ᠶᠢᠨ ᠬᠦᠭ᠍ᠵᠢᠯ ᠤᠨ ᠪᠡᠷᠬᠡᠰᠢᠶᠡᠯ ᠲᠠᠢ ᠬᠡᠦᠬᠡᠳ ᠲᠤ ᠲᠦᠯᠦᠪᠦᠷᠢ ᠦᠭᠡᠢ ᠡᠮᠴᠢᠯᠡᠭᠡ ᠬᠢᠬᠦ᠂ ᠬᠠᠭᠠᠯᠤᠯᠭᠠᠨ ᠤ ᠡᠮᠴᠢ ᠳ᠋ᠤ ᠮᠡᠷᠭᠡᠵᠢᠯ ᠤᠨ ᠪᠤᠯᠪᠠᠰᠤᠷᠠᠯ ᠬᠦᠷᠲᠡᠭᠡᠬᠦ ᠵᠤᠷᠢᠯᠲᠠ ᠲᠠᠢ᠃

    ᠰᠤᠷᠪᠤᠯᠵᠢᠯᠠᠭᠴᠢ ᠶᠢᠨ ᠤᠢᠢᠯᠠᠭᠠᠭᠰᠠᠨ ᠶᠢᠡᠷ᠂smile trainᠲᠦᠷᠦᠯ ᠵᠦᠢᠯ ᠨᠢ ᠭᠡᠷ ᠤᠨ ᠠᠮᠢᠲᠤᠷᠠᠯ ᠨᠢ ᠬᠦᠴᠢᠷᠲᠡᠢ᠂ ᠬᠠᠭᠠᠯᠤᠯᠭᠠᠨ ᠤ ᠲᠦᠯᠦᠪᠦᠷᠢ ᠪᠠᠨ ᠦᠭᠴᠦ ᠲᠡᠢᠢᠯᠬᠦ ᠦᠭᠡᠢ ᠡᠪᠡᠳᠴᠢᠲᠠᠨ ᠳ᠋ᠤ ᠦᠢᠯᠡᠴᠢᠯᠡᠲᠡᠭ᠃ ᠠᠪᠤᠷᠠᠨ ᠲᠤᠰᠠᠯᠠᠬᠤ ᠨᠦᠬᠦᠴᠡᠯ ᠳ᠋ᠤ ᠬᠦᠷᠦᠭᠰᠡᠳ ᠰᠢᠭᠤᠳsmile trainᠲᠦᠷᠦᠯ ᠵᠦᠢᠯ ᠤᠨ ᠬᠠᠮᠲᠤᠷᠠᠨ ᠠᠵᠢᠯᠯᠠᠬᠤ ᠡᠮᠨᠡᠯᠭᠡ ᠶᠢᠨ ᠬᠤᠷᠢᠶᠠᠨ ᠳ᠋ᠤ ᠬᠦᠷᠴᠦ ᠲᠦᠯᠦᠪᠦᠷᠢ ᠦᠭᠡᠢ ᠡᠮᠴᠢᠯᠡᠭᠡ ᠬᠦᠷᠲᠡᠬᠦ ᠶᠢ ᠭᠤᠶᠤᠴᠢᠯᠠᠵᠤ ᠪᠤᠯᠤᠨ᠎ᠠ᠃

    ᠤᠲᠤᠬᠠᠨ ᠳ᠋ᠤ ᠦᠪᠦᠷ ᠮᠤᠩᠭ᠋ᠤᠯ ᠤᠨ ᠬᠦᠬᠡᠬᠤᠲᠠ ᠶᠢᠨ ᠠᠮᠠᠨ ᠬᠦᠨᠲᠡᠢ ᠶᠢᠨ ᠡᠮᠨᠡᠯᠭᠡ ᠶᠢᠨ ᠬᠤᠷᠢᠶ᠎ᠠ᠂ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲ᠍ᠸᠭ᠍ᠨᠤᠯᠤᠬᠢ ᠶᠢᠨ ᠶᠡᠬᠡ ᠰᠤᠷᠭᠠᠭᠤᠯᠢ ᠶᠢᠨ ᠪᠤᠭᠤᠲᠤ ᠶᠢᠨ ᠡᠮᠨᠡᠯᠭᠡ ᠶᠢᠨ ᠲᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠴᠢᠯᠦᠭᠡᠯᠡᠬᠦ ᠴᠡᠷᠢᠭ ᠤᠨ 253 ᠡᠮᠨᠡᠯᠭᠡ ᠶᠢᠨ ᠬᠤᠷᠢᠶ᠎ᠠ᠂ ᠮᠦᠭ᠍ᠲᠡᠨ ᠤ ᠴᠡᠷᠢᠭ ᠤᠨ ᠲᠤᠭᠤᠷᠢᠭ ᠤᠨ ᠤᠯᠠᠭᠠᠬᠠᠨᠲᠠ ᠡᠮᠨᠡᠯᠭᠡ ᠶᠢᠨ ᠬᠤᠷᠢᠶ᠎ᠠ᠂ ᠤᠯᠠᠭᠠᠨᠬᠠᠲᠠ ᠲᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠬᠦᠯᠦᠨ ᠪᠤᠢᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠢᠩᠭ᠋ᠠᠨ ᠠᠢᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ 7 ᠡᠮᠨᠡᠯᠭᠡ ᠶᠢᠨ ᠬᠤᠷᠢᠶ᠎ᠠ ᠲᠤᠰ ᠲᠦᠷᠦᠯ ᠤᠨ ᠬᠠᠭᠠᠯᠤᠯᠭ᠎ᠠ ᠶᠢ ᠭᠦᠢᠴᠡᠳᠭᠡᠬᠦ ᠪᠤᠯᠤᠨ᠎ᠠ᠃

    ᠤᠢᠢᠯᠠᠭᠠᠭᠰᠠᠨ ᠶᠢᠡᠷ᠂smile trainᠲᠦᠷᠦᠯ ᠵᠦᠢᠯ ᠤᠲᠤ ᠪᠤᠯᠲᠠᠯ᠎ᠠ ᠨᠢᠭᠡᠨᠲᠡ ᠦᠪᠦᠷ ᠮᠤᠩᠭ᠋ᠤᠯ ᠤᠨ 26 ᠤᠷᠤᠭᠤᠯ ᠲᠠᠩᠨᠠᠢ ᠶᠢᠨ ᠬᠦ᠍ᠭ᠍ᠵᠢᠯ ᠤᠨ ᠪᠡᠷᠬᠡᠰᠢᠶᠡᠯ ᠲᠠᠢ ᠡᠪᠡᠳᠴᠢᠲᠠᠨ ᠳ᠋ᠤ ᠲᠦᠯᠦᠪᠦᠷᠢ ᠦᠭᠡᠢ ᠡᠮᠴᠢᠯᠡᠵᠦ᠂ 16.64 ᠲᠦᠮᠡᠨ ᠲᠦᠭᠦᠷᠢᠭ᠌ ᠠᠷᠪᠢᠯᠠᠨ ᠦᠭ᠍ᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119281714