蒙古文网站Logo
ᠰᠢᠨᠬᠤᠸᠠ ᠮᠤᠩᠭ᠋ᠤᠯ ᠨᠧᠲ

ᠰᠢᠶᠠᠩᠭ᠋ᠠᠩ ᠤᠨ ᠡᠮᠡᠭᠲᠠᠶᠢᠴᠤᠳ ᠳᠡᠯᠡᠬᠡᠢ ᠳᠤ ᠬᠠᠮᠤᠬ ᠡᠴᠡ ᠤᠷᠲᠤ ᠨᠠᠰᠤᠯᠠᠳᠠᠬ ᠪᠤᠯᠪᠠ

2016-07-28 15:59

    ᠶᠠᠫᠦᠨ ᠤ ᠡᠮᠡᠭᠲᠠᠶᠢᠴᠤᠳ ᠤᠷᠲᠤ ᠨᠠᠰᠤᠯᠠᠳᠠᠭ ᠢᠶᠡᠷ ᠢᠶᠡᠨ ᠶᠡᠷᠦ ᠨᠢ ᠲᠡᠯᠡᠬᠡᠢ ᠶᠢᠨ ᠲᠡᠷᠢᠭᠦᠨ ᠪᠠᠶᠢᠷᠢᠨ ᠳ᠋ᠤ ᠤᠷᠤᠳᠠᠭ ᠪᠠᠢᠢᠪᠠ᠃ ᠭᠡᠯ᠎ᠡ ᠴᠦ ᠶᠠᠫᠤᠨ ᠤ 27 ᠤ ᠡᠳᠦᠷ ᠤᠨ ᠨᠡᠶᠢᠲᠡᠯᠡᠭᠰᠡᠨ ᠲᠤᠭ᠎ᠠ ᠪᠠᠷᠢᠮᠲᠠ ᠡᠴᠡ ᠦᠵᠡᠪᠡᠯ᠂ 2015 ᠤᠨ ᠤ ᠶᠠᠫᠤᠨ ᠤᠡᠮᠡᠭᠲᠠᠶᠢᠴᠤᠳ ᠤᠨ ᠳᠤᠮᠳᠠᠴᠢ ᠨᠠᠰᠤ 87.05᠂ ᠳᠤᠮᠳᠠᠳᠤ ᠤᠯᠤᠰ ᠤᠨ ᠰᠢᠶᠠᠩᠭ᠋ᠠᠩ ᠤᠨ ᠡᠮᠡᠭᠲᠠᠶᠢᠴᠤᠳ ᠤᠨ ᠳᠤᠮᠳᠠᠴᠢ ᠨᠠᠰᠤ 87.32 ᠳ᠋ᠤ ᠬᠦᠷᠦᠭᠡᠳ ᠶᠠᠫᠤᠨ ᠢ ᠳᠠᠪᠠᠵᠦ ᠭᠠᠷᠴᠠᠢ᠃

    ᠶᠠᠫᠤᠨ ᠤ ᠡᠮᠡᠭᠲᠠᠶᠢᠴᠤᠳ ᠤᠨ ᠳᠤᠮᠳᠠᠴᠢ ᠨᠠᠰᠤ 26 ᠵᠢᠯ ᠳᠡᠯᠡᠬᠡᠢ ᠶᠢᠨ ᠲᠡᠷᠢᠭᠦᠨ ᠪᠠᠶᠢᠷᠢᠨ ᠳ᠋ᠤ ᠪᠠᠶᠢᠬᠰᠠᠨ ᠶᠤᠮ᠃ 2011 ᠤᠨ ᠤ ᠶᠠᠫᠤᠨ ᠤ ᠶᠡᠬᠡ ᠭᠠᠵᠠᠷ ᠬᠦᠳᠡᠯᠦᠯᠲᠡ ᠡᠴᠡ ᠪᠤᠯᠵᠦ ᠡᠮᠡᠭᠲᠠᠶᠢᠴᠤᠳ ᠤᠨ ᠳᠤᠮᠳᠠᠴᠢ ᠨᠠᠰᠤ ᠳᠤᠮᠳᠠᠳᠤ ᠤᠯᠤᠰ ᠤᠨ ᠰᠢᠶᠠᠩᠭ᠋ᠠᠩ ᠢᠶᠡᠷ ᠳᠠᠪᠠᠭᠤᠯᠵᠦ ᠬᠤᠶᠠᠳᠤᠭᠠᠷ ᠪᠠᠶᠢᠷᠢᠨ ᠳ᠋ᠤ ᠤᠷᠤᠵᠠᠢ᠃ ᠶᠠᠫᠤᠨ ᠤ ᠨᠢᠭᠡᠨ ᠠᠯᠪᠠᠨ ᠳᠤᠰᠢᠶᠠᠯᠲᠠᠨ ᠤ ᠬᠡᠯᠡᠬᠦ ᠪᠡᠷ᠂ ᠲᠡᠳᠡᠨ ᠤ ᠤᠯᠤᠰ ᠤᠨ ᠡᠷᠡᠭᠲᠠᠢ ᠡᠮᠡᠭᠲᠠᠢ ᠶᠢᠨ ᠤᠷᠲᠤ ᠨᠠᠰᠤᠯᠠᠳᠠᠭ ᠤᠨ ᠰᠢᠯᠲᠠᠭᠠᠨ ᠨᠢ ᠡᠮ᠂ ᠡᠮᠴᠢᠯᠡᠭᠡ ᠶᠢᠨ ᠳᠠᠪᠰᠢᠯᠲᠠ ᠪᠤᠯᠤᠨ᠎ᠠ᠂ ᠥᠩᠭᠡᠷᠡᠭᠰᠡᠨ ᠳ᠋ᠤ ᠦᠮᠠᠨ ᠡᠪᠡᠳᠴᠢᠨ ᠡᠴᠡ ᠪᠤᠯᠵᠦ ᠤᠯᠠᠨ ᠬᠦᠮᠦᠨ ᠨᠠᠰᠤ ᠪᠠᠷᠠᠳᠠᠭ ᠪᠠᠢᠢᠬᠰᠠᠨ᠂ ᠭᠡᠳᠡᠯ᠎ᠠ ᠡᠮ᠂ ᠡᠮᠴᠢᠯᠡᠭᠡ ᠶᠢᠨ ᠳᠠᠪᠰᠢᠯᠲᠠ  ᠡᠴᠡ ᠪᠤᠯᠵᠦ ᠦᠮᠠᠨ ᠡᠪᠡᠳᠴᠢᠲᠡᠨ ᠤ ᠠᠮᠢᠳᠤᠷᠠᠯᠲᠠ ᠶᠢᠨ ᠨᠤᠷᠮ᠎ᠠ ᠨᠢ ᠳᠡᠭᠡᠭ᠍ᠰᠢᠯᠡᠵᠦ᠂ ᠬᠦᠮᠦᠰ ᠤᠨ ᠨᠠᠰᠤᠨ ᠬᠤᠳᠤᠬ ᠤᠷᠳᠤ ᠪᠤᠯᠵᠠᠢ᠃ (ᠳᠠᠳᠤᠯᠭ᠎ᠠ ᠶᠢᠨ ᠰᠤᠷᠤᠭᠴᠢ ᠰᠢᠭᠤᠷᠭᠠᠨ ᠤᠷᠴᠢᠭᠤᠯᠤᠨ ᠨᠠᠶᠢᠷᠠᠭᠤᠯᠪᠠ)

ᠢᠷᠡᠯᠳᠡ᠄ ᠯᠠᠪᠯᠠᠯᠲᠠ ᠶᠢᠨ ᠮᠡᠳᠡᠭᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119297877