蒙古文网站Logo
ᠰᠢᠨᠬᠤᠸᠠ ᠮᠤᠩᠭ᠋ᠤᠯ ᠨᠧᠲ

ᠤᠷᠭᠤᠮᠠᠯᠯᠢᠬ ᠨᠤᠶᠢᠷ ᠤᠨ ᠠᠷᠠᠯ ᠤᠨ ᠡᠳ᠋ ᠤᠤᠭᠤᠪᠠᠯ ᠴᠢᠰᠤᠨ ᠤ ᠰᠢᠬᠢᠷ ᠤᠨ ᠬᠡᠮᠵᠢᠶ᠎ᠠ ᠶᠢ ᠲᠤᠬᠢᠷᠠᠭᠤᠯᠤᠨ᠎ᠠ

2016-08-01 11:49

    ᠴᠢᠰᠤᠨ ᠤ ᠰᠢᠬᠢᠷ ᠥᠨᠳᠦᠷ ᠬᠦᠮᠦᠰ  ᠴᠢᠰᠤᠨ ᠤ ᠰᠢᠬᠢᠷ ᠤᠨ ᠬᠡᠮᠵᠢᠶ᠎ᠠ ᠲᠡᠩᠴᠡᠭᠦᠷᠢ ᠠᠯᠳᠠᠵᠦ ᠪᠠᠭᠤᠷᠠᠬᠤ ᠦᠭᠡᠢ ᠡᠴᠡ ᠲᠤᠩ ᠶᠡᠬᠡ ᠵᠢᠷᠦᠬᠡᠰᠢᠶᠡᠳᠡᠭ᠃ ᠤᠳᠤᠬᠠᠨ ᠳ᠋ᠤ ᠴᠢᠰᠤᠨ ᠤ ᠰᠢᠬᠢᠷ ᠤᠨ ᠬᠡᠮᠵᠢᠶ᠎ᠠ ᠶᠢ ᠪᠠᠭᠤᠷᠠᠭᠤᠯᠬᠤ ᠳᠤ ᠳᠤᠰᠠᠲᠠᠢ ᠡᠮ ᠢ ᠰᠤᠳᠤᠯᠵᠦ ᠭᠠᠷᠭᠠᠭᠠᠳ ᠪᠠᠶᠢᠨ᠎ᠠ᠂ ᠲᠡᠷᠡ ᠨᠢ ᠳᠠᠷᠤᠢ ᠤᠷᠭᠤᠮᠠᠯᠯᠢᠬ ᠨᠤᠶᠢᠷ ᠤᠨ ᠠᠷᠠᠯ ᠤᠨ ᠡᠳ᠋ ᠤᠨ ᠬᠤᠯᠢᠴᠠ ᠲᠠᠢ ᠬᠤᠮᠵᠢᠶ᠎ᠠ ᠡᠮ ᠪᠤᠯᠤᠨ᠎ᠠ᠃ ᠲᠤᠰ ᠬᠤᠮᠵᠢᠶ᠎ᠠ ᠡᠮ  ᠢ ᠮᠠᠨ ᠤ ᠦᠷᠭᠦᠯᠵᠢ ᠢᠳᠡᠳᠡᠭ ᠢᠳᠡᠰᠢᠨ ᠨᠤᠭᠤᠭ᠎ᠠ — ᠭᠠᠰᠢᠭᠤᠨ ᠬᠡᠮᠬᠡ ᠪᠡᠷ ᠭᠤᠤᠯ ᠪᠦᠷᠢᠯᠳᠦᠭᠦᠨ ᠪᠤᠯᠭᠠᠨ ᠨᠠᠶᠢᠷᠠᠭᠤᠯᠤᠭᠰᠡᠨ ᠶᠤᠮ᠃ ᠭᠠᠰᠢᠭᠤᠨ ᠬᠡᠮᠬᠡ ᠨᠢ ᠬᠤᠯᠤ ᠶᠢᠨ ᠲᠥᠷᠦᠯ ᠳ᠋ᠤ ᠪᠠᠭᠳᠠᠵᠦ᠂ ᠪᠠᠰᠠ ᠤᠯᠠᠮᠵᠢᠯᠠᠯᠲᠦ ᠬᠢᠲᠠᠳ ᠡᠪᠡᠰᠤᠨ ᠡᠮ ᠳᠤ ᠤᠷᠤᠳᠠᠬ᠃ ᠡᠷᠲᠡᠨ ᠤ ᠨᠤᠮ ᠳ᠋ᠤ ᠭᠠᠰᠢᠭᠤᠨ ᠬᠡᠮᠬᠡ ᠨᠢ ᠴᠢᠰᠤᠨ ᠤ ᠰᠢᠬᠢᠷ ᠢ ᠲᠤᠬᠢᠷᠠᠭᠤᠯᠬᠤ ᠦᠢᠯᠡᠳᠦᠯ ᠲᠠᠢ ᠭᠡᠵᠦ ᠳᠡᠮᠳᠡᠭᠯᠡᠭᠰᠡᠨ ᠪᠠᠶᠢᠳᠠᠭ᠃ ᠰᠤᠳᠤᠯᠭᠠᠨ ᠭᠡᠷᠡᠴᠢᠯᠡᠭᠰᠡᠨ ᠢᠶᠡᠷ᠂ ᠭᠠᠰᠢᠭᠤᠨ ᠬᠡᠮᠬᠡ  ᠢᠢᠨ ᠲᠤᠲᠤᠷ᠎ᠠ ᠨᠤᠶᠢᠷ ᠤᠨ ᠠᠷᠠᠯ ᠤᠨ ᠨᠢᠭᠡᠲᠦᠯ ᠪᠤᠳᠠᠰ ᠤᠷᠤᠰᠢᠵᠦ ᠪᠠᠶᠢᠳᠠᠭ᠃

    ᠳᠡᠭᠡᠷᠡᠬᠢ ᠶᠤᠰᠦ ᠶᠢ ᠮᠡᠳᠡᠭᠰᠡᠨ ᠤ ᠳᠠᠷᠠᠭ᠎ᠠ ᠰᠢ ᠠᠨ ᠤ ᠴᠤᠧᠠᠩ ᠮᠧᠢ ᠡᠮ ᠤᠨ ᠦᠢᠯᠡᠰ ᠤᠨ ᠰᠤᠳᠤᠯᠭᠠᠨ ᠤ ᠬᠦᠮᠦᠰ ᠴᠢᠰᠤᠨ ᠤ ᠰᠢᠬᠢᠷ ᠤᠨ ᠬᠡᠮᠵᠢᠶ᠎ᠠ ᠶᠢ ᠳᠡᠩᠴᠡᠭᠦᠷᠢᠰᠢᠭᠦᠯᠬᠦ ᠰᠠᠶᠢᠨ ᠡᠮ — ᠲᠠᠩ ᠯᠢ ᠨᠢᠩ ᠬᠤᠮᠵᠢᠶ᠎ᠠ ᠡᠮ ᠢ ᠰᠤᠳᠤᠯᠵᠦ ᠭᠠᠷᠭᠠᠭᠰᠡᠨ ᠪᠠᠶᠢᠨ᠎ᠠ (100 ᠭᠷᠠᠮ ᠳ᠋ᠤ ᠤᠷᠭᠤᠮᠠᠯᠯᠢᠬ ᠨᠤᠶᠢᠷ ᠤᠨ ᠠᠷᠠᠯ ᠤᠨ ᠡᠳ᠋ P-INSULIN16.8Miu,ᠪᠤᠷᠴᠠᠭᠲᠦ ᠤᠯᠤᠰᠤᠨ ᠤ ᠡᠯᠧᠮᠧᠨ᠋ᠲ 102mg)᠃ ᠲᠤᠰ ᠡᠮ ᠢ ᠰᠢᠭᠤᠳ ᠤᠤᠭᠤᠵᠦ ᠪᠤᠯᠬᠤ ᠪᠡᠷ ᠪᠠᠷᠠᠬᠤ ᠦᠭᠡᠢ ᠡᠩ ᠤᠨ ᠳᠤᠯᠠᠭᠠᠨ ᠳᠤ ᠬᠠᠳᠠᠭᠠᠯᠠᠵᠦ ᠪᠤᠯᠤᠨ᠎ᠠ᠃ ᠡᠨᠡᠬᠦ ᠰᠤᠳᠤᠯᠭᠠᠨ ᠤ ᠦᠷ᠎ᠠ ᠪᠦᠲᠦᠭᠡᠯ  ᠭᠤᠤᠯᠯᠠᠨ ᠬᠠᠷᠢᠭᠤᠴᠠᠬᠤ ᠰᠠᠯᠠᠭ᠎ᠠ ᠮᠦᠴᠢᠷ ᠲᠦ ᠵᠥᠪᠰᠢᠶᠡᠷᠡᠭᠳᠡᠵᠦ ᠵᠠᠬ᠎ᠠ ᠳ᠋ᠦ ᠭᠠᠷᠤᠭᠰᠡᠨ ᠪᠠᠶᠢᠨ᠎ᠠ᠃ ( ᠳᠠᠳᠤᠯᠭ᠎ᠠ ᠶᠢᠨ ᠰᠤᠷᠤᠭᠴᠢ ᠰᠢᠭᠤᠷᠭᠠᠨ ᠣᠷᠴᠢᠭᠤᠯᠵᠦ ᠨᠠᠶᠢᠷᠠᠭᠤᠯᠪᠠ)

ᠢᠷᠡᠯᠳᠡ᠄ ᠯᠠᠪᠯᠠᠯᠲᠠ ᠶᠢᠨ ᠮᠡᠳᠡᠭᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119315278