蒙古文网站Logo
ᠰᠢᠨᠬᠤᠸᠠ ᠮᠤᠩᠭ᠋ᠤᠯ ᠨᠧᠲ

《ᠠᠯᠢᠶ᠎ᠠ ᠲᠦᠢᠳᠭᠡᠷ ᠬᠡᠤᠬᠡᠳ》 ᠤᠯᠠᠮ ᠡᠷᠡᠭᠦᠯ ᠴᠢᠬᠢᠷᠠᠭ ᠤᠯᠠᠮ ᠴᠤᠪᠤᠭᠤ ᠪᠠᠢᠢᠵᠦ ᠮᠡᠳᠡᠨ᠎ᠠ

2016-08-04 16:46

    ᠬᠡᠤᠬᠡᠳ ᠲᠤ ᠨᠡᠩ ᠢᠯᠡᠭᠦᠤ ᠪᠡᠶ᠎ᠠ ᠪᠡᠨ ᠲᠠᠭᠠᠭᠠᠬᠤ ᠲᠤᠬᠢᠶᠠᠯ ᠤᠯᠭᠤᠬᠤ ᠨᠢ ᠬᠡᠤᠬᠡᠳ ᠤᠨ ᠪᠤᠢᠢᠵᠢᠯᠳᠠ ᠳ᠋ᠦ ᠨᠡᠡᠭ ᠶᠡᠬᠡ ᠨᠦᠯᠦᠭᠡ ᠲᠡᠢ ᠪᠠᠢᠢᠵᠦ ᠮᠡᠳᠡᠨ᠎ᠡ᠃ ᠺᠠᠨᠠᠳᠠ ᠶᠢᠨ ᠷᠦᠢᠧᠷᠰᠦᠨ ᠶᠡᠬᠡ ᠰᠤᠷᠭᠠᠭᠤᠯᠢ(Ryerson University)  ᠶ᠋ᠢᠨ ᠬᠤᠲᠠ ᠶᠢᠨ ᠲᠦᠯᠦᠪᠯᠡᠭᠡ ᠶᠢᠨ ᠤᠬᠠᠭᠠᠨ ᠤ ᠫᠷᠤᠹᠸᠰᠰᠤᠷ Raktim Mitra ᠬᠡᠤᠬᠡᠳ ᠢ ᠡᠷᠬᠡ ᠴᠢᠯᠦᠭᠡ ᠲᠠᠢ ᠪᠠᠶᠢᠯᠭᠠᠵᠤ᠂ ᠦᠪᠡᠷ ᠢᠶᠡᠷ ᠨᠢ ᠰᠦᠪᠡᠭ᠍ᠴᠢᠯᠡᠯᠲᠡ ᠬᠢᠯᠭᠡᠬᠦ ᠲᠤᠬᠠᠢ ᠰᠤᠳᠤᠯᠭᠠᠨ ᠬᠢᠵᠡᠢ᠃

    ᠰᠤᠳᠤᠯᠭᠠᠲᠠᠳ ᠺᠠᠨᠠᠲᠠ ᠶᠢᠨ ᠲᠤᠷᠤᠨ᠋ᠲ᠋ᠤ᠋ ᠠᠯᠪᠠᠨ ᠤ ᠪᠠᠭ᠎ᠠ ᠰᠤᠷᠭᠠᠭᠤᠯᠢ ᠶᠢᠨ ᠲᠠᠪᠤ ᠵᠢᠷᠭᠤᠳᠤᠭᠠᠷ ᠤᠨ ᠤ 100 ᠰᠤᠷᠤᠭᠴᠢ ᠢᠢᠨ ᠭᠡᠷ ᠤᠨ ᠠᠬᠠᠮᠠᠳ ᠲᠦ ᠠᠰᠠᠭᠤᠯᠲᠠ ᠶᠢᠨ ᠬᠠᠭᠤᠳᠠᠰᠤ ᠪᠡᠷ ᠪᠠᠶᠢᠴᠠᠭᠠᠯᠲᠠ ᠬᠢᠵᠤ᠂ ᠬᠡᠤᠬᠡᠳ ᠪᠠᠶ᠎ᠠ ᠪᠡᠨ ᠳᠠᠭᠠᠭᠠᠵᠤ ᠨᠠᠭᠠᠳᠤᠳᠠᠭ ᠡᠰᠡᠬᠦ᠂ ᠲᠡᠳᠡᠨ ᠤ ᠤᠷᠤᠨ ᠰᠠᠭᠤᠴᠠ ᠶᠢᠨ ᠲᠤᠭᠤᠷᠢᠬ ᠲᠡᠬᠢ ᠦᠵᠡᠯᠲᠡ ᠵᠢᠴᠢ ᠦᠷᠭᠦᠯᠵᠢ ᠬᠡᠷᠡᠭᠯᠡᠳᠡᠭ ᠵᠡᠮ ᠲᠡᠭᠡᠭᠡᠪᠦᠷᠢ ᠶᠢᠨ ᠠᠷᠭ᠎ᠠ ᠪᠠᠷᠢᠯ ᠵᠡᠷᠭᠡ ᠶᠢ ᠠᠰᠠᠭᠤᠵᠤ᠂ ᠬᠡᠤᠬᠡᠳ ᠪᠦᠷᠢ ᠳᠦ ᠬᠦᠳᠡᠯᠭᠡᠭᠡᠨ ᠢ ᠰᠢᠯᠭᠠᠨ ᠪᠠᠶᠢᠴᠠᠭᠠᠬᠤ ᠵᠠᠭᠪᠤᠷ ᠵᠡᠭᠦᠯᠭᠡᠵᠤ᠂ ᠬᠡᠤᠬᠡᠳ ᠤᠳ ᠤᠨ ᠲᠠᠮᠢᠷ ᠤᠨ ᠬᠦᠳᠡᠯᠭᠡᠭᠡᠨ ᠳᠦ ᠵᠠᠷᠤᠴᠠᠭᠤᠯᠵᠦ ᠪᠠᠶᠢᠬᠤ ᠴᠠᠭ ᠢ ᠲᠡᠮᠳᠡᠭᠯᠡᠪᠡ᠃ ᠡᠭᠦᠨ ᠤ ᠳ᠋ᠦᠡᠭ ᠳ᠋ᠦ ᠬᠡᠤᠬᠡᠳ ᠡᠳᠦᠷ ᠪᠦᠷᠢ 30 ᠮᠢᠨᠦ᠋ᠲ ᠬᠦᠳᠡᠯᠭᠡᠭᠡᠨ ᠬᠢᠳᠡᠭ ᠢ ᠤᠯᠵᠦ ᠮᠡᠳᠡᠪᠡ᠂ ᠡᠨᠡ ᠨᠢ ᠡᠳᠦᠷ ᠲᠤ 60 ᠮᠢᠨᠦ᠋ᠲ ᠬᠦᠳᠡᠯᠭᠡᠭᠡᠨ ᠬᠢᠬᠦ ᠶᠤᠰᠤᠲᠠᠢ ᠭᠡᠰᠡᠨ ᠰᠠᠨᠠᠭᠤᠯᠭ᠎ᠠ ᠡᠴᠡ ᠬᠤᠯᠠ ᠲᠤᠤᠷ᠎ᠡ ᠪᠠᠶᠢᠯ᠎ᠠ᠃

    ᠪᠡᠶ᠎ᠡ ᠢᠶᠡᠨ ᠳᠠᠭᠠᠭᠠᠵᠤ ᠨᠠᠭᠠᠳᠬᠤ ᠵᠦᠪᠰᠢᠶᠡᠷᠡᠯ ᠲᠠᠢ ᠬᠡᠤᠬᠡᠳ ᠤᠨ ᠬᠦᠳᠡᠯᠭᠡᠭᠡᠨ ᠤ ᠬᠡᠮᠵᠢᠶ᠎ᠡ ᠨᠢ ᠪᠡᠶ᠎ᠡ ᠪᠡᠨ ᠳᠠᠭᠠᠭᠠᠵᠤ ᠨᠠᠭᠠᠳᠬᠤ ᠵᠦᠪᠰᠢᠶᠡᠷᠡᠯ ᠦᠭᠡᠢ ᠬᠡᠤᠭᠡᠳ ᠤᠨ ᠬᠦᠳᠡᠯᠭᠡᠭᠡᠨ ᠤ ᠬᠡᠮᠵᠢᠶ᠎ᠡ ᠡᠴᠡ 20% ᠪᠡᠷ ᠢᠯᠡᠭᠦᠦ ᠪᠠᠶᠢᠪᠠ᠃ 16% ᠶ᠋ᠢᠨ ᠭᠡᠷ ᠤᠨ ᠠᠬᠠᠮᠠᠳ ᠬᠡᠤᠬᠡᠳ ᠨᠢ ᠪᠡᠶ᠎ᠡ ᠪᠡᠨ ᠳᠠᠭᠠᠭᠠᠵᠤ ᠨᠠᠭᠠᠳᠬᠤ ᠶᠢ ᠵᠦᠪᠰᠢᠶᠡᠷᠡᠳᠡᠭ᠂ 35% ᠶ᠋ᠢᠨ ᠭᠡᠷ ᠤᠨ ᠠᠬᠠᠮᠠᠳ ᠶᠠᠷᠤ ᠡᠴᠡ ᠵᠦᠪᠰᠢᠶᠡᠷᠡᠳᠡᠭ ᠦᠭᠡᠢ᠃

    ᠬᠡᠤᠬᠡᠳ ᠢᠶᠡᠨ ᠤᠷᠤᠨ ᠰᠠᠭᠤᠴᠠ ᠶᠢᠨ ᠲᠤᠭᠤᠷᠢᠭ ᠤᠨ ᠬᠦᠳᠡᠯᠭᠡᠭᠡᠨ ᠵᠡᠷᠭᠡ ᠳᠦ ᠪᠡᠶ᠎ᠡ ᠵᠢ ᠨᠢ ᠳᠠᠭᠠᠭᠠᠯᠭᠠᠵᠤ ᠤᠷᠤᠯᠴᠠᠭᠤᠯᠪᠠᠯ᠂ ᠬᠡᠤᠬᠡᠳ ᠦᠪᠡᠷ ᠢᠶᠡᠨ ᠭᠠᠳᠠᠭᠰᠢ ᠭᠠᠷᠴᠤ ᠰᠢᠨᠵᠢᠵᠤ ᠰᠦᠪᠡᠭ᠍ᠴᠢᠯᠡᠬᠦ ᠵᠤᠷᠢᠭ ᠲᠠᠢ ᠪᠤᠯᠤᠨ᠎ᠠ᠃ ᠡᠨᠡᠬᠦ ᠰᠤᠳᠤᠯᠭᠠᠨ ᠨᠢ ᠲᠠᠮᠢᠷ ᠤᠨ ᠬᠦᠳᠡᠯᠭᠡᠭᠡᠨ ᠤ ᠬᠦᠨᠲᠦ ᠴᠢᠬᠤᠯᠠ ᠴᠢᠨᠡᠷ ᠢ ᠬᠠᠷᠠᠭᠤᠯᠵᠤ᠂ ᠬᠦᠷᠰᠢ ᠰᠠᠭᠠᠬᠠᠯᠲᠠ ᠲᠠᠢ ᠪᠡᠨ ᠤᠷᠤᠨ ᠰᠠᠭᠤᠴᠠ ᠶᠢᠨ ᠲᠤᠭᠤᠷᠢᠭ ᠤᠨ ᠬᠦᠳᠡᠯᠭᠡᠭᠡᠨ ᠢ ᠦᠷᠨᠢᠭᠦᠯᠬᠦ  ᠢᠢᠨ ᠴᠢᠬᠤᠯᠠ ᠴᠢᠨᠠᠷ ᠢ ᠤᠶᠢᠯᠠᠬ᠋ᠠᠯ᠎ᠠ ᠭᠡᠵᠤ ᠨᠢᠭᠡᠨ ᠭᠡᠷ ᠤᠨ ᠠᠬᠠᠮᠠᠳ Mitra ᠬᠡᠯᠡᠯ᠎ᠠ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119338027