蒙古文网站Logo
ᠰᠢᠨᠬᠤᠸᠠ ᠮᠤᠩᠭ᠋ᠤᠯ ᠨᠧᠲ

ᠴᠠᠭᠠᠨ ᠢᠳᠡᠭᠡ ᠴᠢᠮᠦᠭᠡ ᠶᠢ ᠲᠦᠯᠵᠢᠭᠦᠯᠲᠠᠭ᠌

2016-08-09 17:18

    ᠡᠳᠦᠷᠵᠢᠨ ᠺᠤᠮᠫᠢᠥ᠋ᠲ᠋ᠧᠷ ᠲᠠᠭᠡᠷ᠎ᠠ ᠠᠵᠢᠯᠯᠠᠳᠠᠭ ᠬᠦᠮᠦᠨ ᠤᠷᠲᠦ ᠬᠤᠭᠤᠴᠠᠭ᠎ᠠ ᠨᠢᠬᠡ ᠯᠠ ᠬᠡᠪᠰᠢᠭᠰᠡᠨ ᠲᠥᠯᠦᠪ ᠢᠶᠡᠷ ᠰᠠᠭᠤᠪᠠᠯ ᠨᠢᠷᠤᠭᠤ᠂ ᠬᠦᠵᠦᠭᠦᠦ᠂ ᠮᠦᠷᠦ᠂ ᠲᠤᠬᠤᠢ᠂ ᠪᠠᠭᠤᠤ ᠵᠡᠷᠭᠡ ᠶᠢᠨ ᠪᠤᠯᠴᠢᠩ ᠴᠢᠮᠦᠭᠡ ᠶᠢᠨ ᠰᠢᠰᠲ᠋ᠧᠮ  ᠳᠤ ᠡᠪᠡᠳᠴᠢᠨ ᠡᠭᠦᠰᠭᠡᠨ᠎ᠡ᠃ ᠡᠶᠢᠮᠦ ᠡᠪᠡᠳᠴᠢᠨ ᠤᠯᠬᠤ ᠡᠴᠡ ᠰᠡᠷᠭᠡᠶᠢᠯᠡᠬᠦ ᠬᠠᠮᠤᠭ ᠤᠨ ᠰᠠᠶᠢᠨ ᠠᠷᠭ᠎ᠠ ᠪᠤᠯ ᠬᠡᠰᠡᠭ ᠬᠤᠭᠤᠴᠠᠭ᠎ᠠ ᠺᠤᠮᠫᠢᠥ᠋ᠲ᠋ᠧᠷ ᠤᠨ ᠡᠮᠦᠨ᠎ᠡ ᠠᠵᠢᠯᠯᠠᠭᠰᠡᠨ ᠤ ᠳᠠᠷᠠᠭ᠎ᠠ ᠬᠡᠳᠦᠨ ᠮᠢᠨᠦ᠋ᠲ ᠬᠦᠳᠡᠯᠭᠡᠭᠡᠨ ᠬᠢᠪᠡᠯ ᠵᠤᠬᠢᠨ᠎ᠠ᠃ ᠢᠳᠡᠭᠡᠨ ᠤ ᠲᠠᠯ᠎ᠠ ᠪᠡᠷ ᠺᠠᠯᠼ  ᠡᠯᠪᠡᠭ᠌᠂ ᠴᠢᠮᠦᠭᠡᠨ ᠳ᠋ᠤ ᠠᠰᠢᠭᠲᠠᠢ ᠢᠳᠡᠭᠡᠨ ᠢ ᠢᠯᠡᠭᠦᠦ ᠰᠢᠭ᠌ ᠢᠳᠡᠪᠡᠯ ᠰᠠᠶᠢᠨ᠃

    ᠦᠨᠢᠶᠡᠨ ᠰᠦᠨ ᠳᠤ ᠺᠠᠯᠼ ᠡᠯᠪᠡᠭ᠌ ᠠᠭᠤᠯᠵᠦ ᠪᠠᠶᠢᠬᠤ ᠪᠡᠷ ᠥᠯᠦ ᠪᠠᠷᠠᠮ ᠪᠠᠰᠠ ᠺᠠᠯᠼ ᠤᠨ ᠰᠢᠩᠭᠡᠭᠡ᠍ᠭ᠍ᠳᠡᠬᠦ ᠶᠢ ᠠᠬᠢᠭᠤᠯᠬᠤ ᠦᠢᠯᠡᠳᠦᠯ ᠲᠠᠢ᠃ ᠡᠭᠦᠨ ᠡᠴᠡ ᠭᠠᠳᠠᠨ᠎ᠠ ᠬᠤᠷᠤᠳ᠂ ᠡᠭᠡᠳᠡᠭᠰᠡᠨ ᠰᠦ᠋ ᠵᠡᠷᠭᠡ ᠴᠠᠭᠠᠨ ᠢᠳᠡᠭᠡᠨ ᠲᠤᠲᠤᠷᠠᠬᠢ ᠺᠠᠯᠼ ᠤᠨ ᠠᠭᠤᠯᠤᠭᠳᠠᠴᠠ ᠥᠨᠳᠦᠷ ᠪᠤᠯᠬᠤᠷ ᠦᠷᠭᠦᠯᠵᠢ ᠢᠳᠡᠬᠦ ᠬᠡᠷᠡᠭᠲᠠᠢ᠃᠍

    ᠲᠤᠰᠤᠨ ᠨᠤᠭᠤᠭ᠎ᠠ ᠶᠢᠨ ᠰᠢᠮ᠎ᠡ ᠲᠡᠵᠢᠭᠡᠯ ᠤᠨ ᠠᠭᠤᠯᠤᠭᠳᠠᠴᠠ ᠪᠤᠯᠤᠨ ᠢᠳᠡᠭᠡᠨ ᠢᠶᠡᠷ ᠡᠮᠨᠡᠬᠦ ᠥᠷᠲᠡᠭ ᠨᠢ ᠪᠤᠰᠤᠳ ᠨᠤᠭᠤᠭ᠎ᠠ ᠲᠠᠢ ᠬᠠᠷᠢᠴᠠᠭᠤᠯᠪᠡᠯ ᠨᠡᠯᠢᠶᠡᠳ ᠥᠨᠳᠦᠷ ᠂ ᠴᠢᠰᠤᠨ ᠳᠠᠷᠤᠯᠲᠠ ᠶᠢ ᠪᠠᠭᠤᠷᠠᠭᠤᠯᠬᠤ᠂ ᠴᠢᠮᠦᠭᠡ ᠶᠢ ᠲᠦᠯᠵᠢᠬᠦᠯᠬᠦ᠂ ᠬᠠᠯᠠᠭᠤᠨ ᠢ ᠠᠷᠢᠯᠭᠠᠨ ᠴᠢᠰᠤᠨ ᠤ ᠬᠤᠤᠷ ᠢ ᠲᠠᠶᠢᠯᠠᠬᠤ ᠦᠢᠯᠡᠳᠦᠯ ᠲᠠᠢ ᠃ ᠬᠠᠷ᠎ᠠ ᠮᠠᠭᠠᠵᠢ ᠶᠢᠨ ᠺᠠᠯᠼ ᠤᠨ ᠠᠭᠤᠯᠤᠭᠳᠠᠴᠠ ᠥᠨᠳᠦᠷ ᠪᠤᠯᠬᠤᠷ ᠰᠦ᠋ ᠤᠤᠭᠤᠬᠤ ᠳᠤᠷ᠎ᠠ ᠦᠭᠡᠢ ᠬᠦᠮᠦᠨ ᠨᠢᠬᠡ ᠡᠳᠦᠷ ᠭᠤᠷᠪᠡᠨ ᠬᠠᠯᠪᠠᠭ᠎ᠠ ᠬᠠᠷ᠎ᠠ ᠮᠠᠭᠠᠵᠢ ᠪᠡᠷ ᠤᠷᠤᠯᠠᠭᠤᠯᠵᠦ ᠪᠤᠯᠤᠨ᠎ᠠ᠃ ᠮᠠᠭᠠᠵᠢ ᠶᠢᠨ ᠵᠢᠶᠠᠩ ᠤᠨ ᠺᠠᠯᠼ ᠤᠨ ᠠᠭᠤᠯᠤᠭᠳᠠᠴᠠ ᠪᠠᠰᠠ ᠨᠡᠯᠢᠶᠡᠳ ᠥᠨᠳᠦᠷ ᠪᠠᠶᠢᠳᠠᠭ᠃ (ᠪᠡᠯᠡᠳᠭᠡᠭ᠍ᠰᠡᠨ ᠨᠢ ᠳᠠᠳᠤᠯᠭ᠎ᠠ ᠶᠢᠨ ᠰᠤᠷᠤᠭᠴᠢ ᠰᠢᠭᠤᠷᠭᠠᠨ)

 

ᠢᠷᠡᠯᠳᠡ᠄ ᠥᠪᠦᠷ ᠮᠣᠩᠭᠣᠯ ᠤᠨ ᠡᠮᠡᠭᠲᠠᠶᠢᠴᠤᠳ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119362712