蒙古文网站Logo
ᠰᠢᠨᠬᠤᠸᠠ ᠮᠤᠩᠭ᠋ᠤᠯ ᠨᠧᠲ

ᠵᠤᠨ ᠤ ᠤᠯᠠᠷᠢᠯ ᠳ᠋ᠤ ᠺᠠᠯᠼ ᠨᠥᠬᠦᠬᠦ ᠨᠢ ᠲᠤᠩ ᠲᠤᠰᠠᠲᠠᠢ

2016-08-10 17:21

    ᠨᠠᠰᠤ ᠨᠡᠮᠡᠭᠳᠡᠬᠦ ᠶᠢ ᠳᠠᠭᠠᠯᠳᠤᠨ ᠨᠠᠰᠤᠲᠠᠶᠢᠴᠤᠳ ᠤᠨ ᠺᠠᠯᠼ ᠲᠤᠲᠠᠭᠳᠠᠭᠰᠡᠨ ᠡᠴᠡ ᠦᠶ᠎ᠡ ᠬᠡᠰᠢᠭᠦᠦ ᠮᠠᠭᠤᠲᠠᠵᠦ᠂ ᠬᠤᠯᠠ ᠶᠠᠪᠤᠵᠦ ᠴᠢᠳᠠᠬᠤ ᠦᠭᠡᠢ᠂ ᠮᠥᠷᠦ ᠨᠢᠷᠤᠭᠤ ᠡᠪᠡᠳᠬᠦ ᠢᠯᠡᠷᠡᠯ ᠭᠠᠷᠳᠠᠭ᠃ ᠡᠶᠢᠮᠦ ᠡᠴᠡ ᠺᠠᠯᠼ ᠨᠦᠬᠦᠬᠦ ᠪᠤᠯ ᠮᠠᠰᠢ ᠴᠢᠬᠤᠯᠠ᠂ ᠬᠠᠮᠤᠭ ᠤᠨ ᠰᠠᠶᠢᠨ ᠴᠠᠭ ᠨᠢ ᠵᠤᠨ ᠤ ᠤᠯᠠᠷᠢᠯ ᠪᠤᠯᠤᠨ᠎ᠠ᠃ ᠵᠤᠨ ᠤ ᠤᠯᠠᠷᠢᠯ ᠳ᠋ᠤ ᠨᠠᠷᠠᠨ ᠤ ᠢᠯᠴᠢ ᠭᠦᠢᠴᠡᠳ᠂ ᠬᠦᠮᠦᠰ ᠪᠤᠭᠤᠨᠢ ᠬᠠᠨᠴᠤᠢ ᠲᠠᠢ ᠬᠤᠪᠴᠠᠰᠤ ᠡᠮᠦᠰᠳᠡᠭ ᠡᠴᠡ ᠠᠷᠠᠰᠤ ᠰᠢᠭᠤᠳ ᠨᠠᠷᠠᠨ ᠤ ᠭᠡᠷᠡᠯ ᠢ ᠰᠢᠡᠭ᠍ᠭᠡᠭᠡᠨ ᠠᠪᠳᠠᠭ᠂ ᠢᠩᠬᠢᠭ᠍ᠰᠡᠨ ᠡᠴᠡ ᠨᠠᠷᠠᠨ ᠤ ᠭᠡᠷᠡᠯ ᠤᠨ ᠬᠡᠳᠦ ᠶᠠᠭᠠᠨ ᠲᠤᠶᠠᠭ᠎ᠠ ᠨᠢ ᠪᠡᠶ᠎ᠡ ᠳᠤᠲᠤᠷᠠᠬᠢ ᠸᠢᠲ᠋ᠠᠮᠢᠨ D ᠶ᠋ᠢᠨ ᠨᠡᠶᠢᠯᠡᠯᠲᠡ ᠶᠢ ᠠᠬᠢᠭᠤᠯᠵᠦ ᠺᠠᠯᠼ  ᠤᠨ ᠪᠡᠶ᠎ᠡ ᠳ᠋ᠤ ᠰᠢᠩᠭᠡᠬᠦ ᠬᠡᠮᠵᠢᠶ᠎ᠡ ᠶᠢ ᠶᠡᠬᠡ ᠬᠡᠮᠵᠢᠶ᠎᠎᠎᠎᠎᠎᠎᠎᠎᠎᠎᠎᠎᠎᠎᠎᠎᠎᠎᠎᠎᠎ᠡ ᠪᠡᠷ ᠨᠡᠮᠡᠭᠳᠡᠭᠦᠯᠳᠡᠭ᠃ ᠡᠶᠢᠮᠦ ᠡᠴᠡ ᠦᠷᠭᠦᠯᠵᠢ ᠨᠠᠷᠠᠨ ᠤ ᠬᠡᠳᠦ ᠶᠠᠭᠠᠨ ᠲᠤᠶᠠᠭ᠎ᠠ ᠬᠤᠷᠴᠠ ᠪᠢᠰᠢ ᠴᠠᠭ ᠢ ᠰᠤᠩᠭ᠋ᠤᠵᠦ ᠭᠠᠳᠠᠭ᠎ᠠ ᠬᠦᠳᠡᠯᠭᠡᠭᠡᠨ ᠬᠢᠵᠦ ᠪᠤᠯᠤᠨ᠎ᠠ᠂ ᠵᠢᠱᠢᠶᠡᠯᠡᠪᠡᠯ ᠦᠳᠡ ᠶᠢᠨ ᠡᠮᠦᠨ᠎ᠡ ᠶᠢᠨ 9 ᠴᠠᠭ ᠡᠴᠡ 10 ᠴᠠᠭ ᠤᠨ ᠬᠤᠭᠤᠷᠤᠨᠲᠦ᠂ ᠦᠳᠡ ᠶᠢᠨ ᠬᠤᠶᠢᠨ᠎ᠠ ᠶᠢᠨ 5 ᠴᠠᠭ ᠡᠴᠡ 6 ᠴᠠᠭ ᠤᠨ ᠬᠤᠭᠤᠷᠤᠨᠳᠦ 30 ᠮᠢᠨᠦ᠋ᠲ ᠬᠦᠳᠡᠯᠭᠡᠭᠡᠨ ᠬᠢᠪᠡᠯ ᠪᠤᠯᠴᠢᠬᠠᠨ᠎ᠠ᠂ ᠬᠦᠳᠡᠯᠭᠡᠭᠡᠨ ᠬᠢᠭ᠍ᠰᠡᠨ ᠤ ᠪᠡᠨ ᠳᠠᠷᠠᠭ᠎ᠠ ᠨᠠᠷᠠᠰᠢᠬᠤ ᠡᠴᠡ ᠰᠡᠷᠭᠡᠶᠢᠯᠡᠵᠦ ᠤᠰᠤ ᠢᠯᠡᠭᠦᠦ ᠤᠤᠭᠤᠪᠠᠯ ᠵᠤᠬᠢᠨ᠎ᠠ ᠃

    ᠰᠢᠯ  ᠤᠨ ᠴᠠᠭᠠᠨ᠎ᠠ ᠡᠴᠡ ᠪᠠᠶ᠎ᠡ ᠪᠡᠨ ᠨᠠᠷᠠᠨ ᠳ᠋ᠤ ᠪᠢᠳᠡᠭᠡᠢ ᠡᠭᠡᠬᠡᠭᠡᠷᠠᠢ᠂ ᠤᠴᠢᠷ ᠨᠢ ᠰᠢᠯ ᠬᠡᠳᠦ ᠶᠠᠭᠠᠨ ᠲᠤᠶᠠᠭ᠎ᠠ ᠶᠢ ᠬᠠᠯᠬᠠᠯᠠᠴᠢᠬᠠᠬᠤ ᠤᠴᠢᠷ ᠡᠴᠡ ᠸᠢᠲ᠋ᠠᠮᠢᠨ D ᠶ᠋ᠢᠨ ᠨᠡᠶᠢᠯᠡᠯᠲᠡ ᠶᠢ ᠬᠠᠷᠰᠢᠯᠠᠳᠠᠭ᠂ ᠺᠠᠯᠼ ᠲᠤᠲᠠᠭᠳᠠᠵᠦ ᠪᠠᠶᠢᠭ᠎ᠠ ᠨᠠᠰᠤᠲᠠᠶᠢᠴᠤᠳ ᠺᠠᠯᠼ ᠤᠨ ᠠᠭᠤᠯᠤᠭᠳᠠᠴᠠ ᠢᠯᠡᠭᠦᠦ ᠢᠳᠡᠭᠡᠨ ᠢ ᠢᠳᠡᠬᠦ ᠴᠢᠬᠤᠯᠠᠲᠠᠢ᠂ ᠵᠢᠱᠢᠶᠡᠯᠡᠪᠡᠯ ᠬᠠᠷ᠎ᠠ ᠮᠢᠬ᠎ᠠ᠂ ᠵᠢᠭᠠᠰᠤᠨ ᠤ ᠮᠢᠬ᠎ᠠ᠂ ᠪᠤᠷᠴᠠᠭ ᠤᠨ ᠢᠳᠡᠭᠡᠨ᠂ ᠴᠠᠭᠠᠨ ᠢᠳᠡᠭᠡᠨ ᠵᠡᠷᠭᠡ᠃ ᠮᠦᠨᠴᠦ ᠬᠦᠳᠡᠯᠭᠡᠭᠡᠨ ᠳᠤᠲᠠᠵᠦ ᠪᠤᠯᠬᠤ ᠦᠭᠡᠢ᠂ ᠡᠳᠦᠷ ᠪᠤᠯᠭᠠᠨ 1-2 ᠴᠠᠭ ᠭᠡᠷ ᠤᠨ ᠭᠠᠳᠠᠨᠠᠬᠢ ᠬᠦᠳᠡᠯᠭᠡᠭᠡᠨ ᠳ᠋ᠤ ᠤᠷᠤᠯᠴᠠᠬᠤ ᠴᠢᠬᠤᠯᠠᠲᠠᠢ᠂ ᠵᠢᠱᠢᠶᠡᠯᠡᠪᠡᠯ ᠠᠯᠬᠤᠬᠤ᠂ ᠳᠤᠭᠤᠢ ᠤᠨᠤᠬᠤ᠂ ᠤᠰᠤᠨ ᠳ᠋ᠤ ᠤᠮᠪᠠᠬᠤ᠂ ᠲᠠᠢ ᠵᠢᠢ ᠨᠢᠳᠤᠷᠭ᠎ᠠ ᠪᠤᠯᠪᠠᠰᠤᠷᠠᠬᠤ ᠵᠡᠷᠭᠡ᠃ (ᠳᠠᠳᠤᠯᠭ᠎ᠠ ᠶᠢᠨ ᠰᠤᠷᠤᠭᠴᠢ ᠰᠢᠭᠤᠷᠭᠠᠨ ᠣᠷᠴᠢᠭᠤᠯᠵᠦ ᠨᠠᠶᠢᠷᠠᠭᠤᠯᠪᠠ)

 

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119370293