蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠤᠨ ᠡᠯ᠎ᠡ ᠶᠡᠬᠡ ᠡᠮᠨᠡᠯᠭᠡ ᠳ᠋ᠤᠭᠠᠷ ᠤᠨ ᠫᠠᠨᠽᠠᠴᠢᠨ ᠳᠦ ᠴᠤᠬᠢᠯᠲᠠ ᠦᠭ᠍ᠭᠦ ᠪᠠᠷ ᠪᠠᠶᠢᠨ᠎ᠠ

2016-08-17 11:52

    ᠰᠢᠨᠬᠤᠧᠠ ᠬᠤᠷᠢᠶ᠎ᠠ  ᠪᠡᠭᠡᠵᠢᠩ ᠤᠨ 8 ᠰᠠᠷ᠎ᠠ ᠶᠢᠨ 16 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠵᠦᠩ ᠶᠠ᠎) ᠪᠡᠭᠡᠵᠢᠩ ᠳᠦ ᠰᠠᠶ᠊ᠢᠬᠠᠨ ᠡᠮᠴᠢᠯᠡᠭᠡᠨ ᠳᠦ ᠬᠤᠯᠪᠤᠭᠳᠠᠬᠤ ᠬᠠᠤᠯᠢ ᠵᠦᠷᠢᠴᠡᠭᠰᠡᠨ ᠠᠵᠢᠯᠯᠠᠭ᠎ᠠ ᠳᠦ ᠬᠦᠴᠦᠲᠠᠢ ᠴᠤᠬᠢᠯᠲᠠ ᠦᠭ᠍ᠬᠦ ᠲᠤᠰᠬᠠᠢ ᠬᠤᠷᠠᠯ ᠬᠤᠷᠠᠯᠳᠤᠨ᠂ ᠡᠮᠴᠢᠯᠡᠭᠡᠨ ᠳᠦ ᠬᠤᠯᠪᠤᠭᠳᠠᠬᠤ ᠬᠠᠤᠯᠢ ᠵᠦᠷᠢᠴᠡᠭᠰᠡᠨ ᠠᠵᠢᠯᠯᠠᠭ᠎ᠠ ᠳᠦ ᠬᠦᠴᠦᠲᠠᠢ ᠴᠤᠬᠢᠯᠲᠠ ᠦᠭ᠍ᠬᠦ ᠲᠤᠰᠬᠠᠢ ᠠᠵᠢᠯᠯᠠᠭᠠᠨ ᠤ ᠪᠤᠲᠠᠲᠠᠢ ᠪᠡᠶᠡᠯᠡᠭᠦᠯᠬᠦ ᠲᠦᠰᠦᠯ  ᠢ ᠨᠡᠶᠢᠲᠡᠯᠡᠪᠡ᠃ ᠲᠦᠰᠦᠯ ᠳᠦ ᠪᠡᠭᠡᠵᠢᠩ ᠬᠤᠲᠠ ᠶᠢᠨ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠡᠮᠨᠡᠯᠭᠡ ᠶᠢᠨ ᠳ᠋ᠤᠭᠠᠷ  ᠤᠨ ᠫᠠᠨᠽᠠᠴᠢᠨ ᠳᠦ ᠴᠤᠬᠢᠯᠲᠠ ᠦᠭ᠍ᠬᠦ ᠲᠤᠰᠬᠠᠢ ᠠᠵᠢᠯᠯᠠᠭ᠎ᠠ ᠶᠢ ᠲᠦᠪᠯᠡᠷᠡᠭᠦᠯᠦᠨ ᠦᠷᠨᠢᠭᠦᠯᠵᠤ᠂ ᠡᠮᠨᠡᠯᠭᠡ ᠶᠢᠨ ᠳ᠋ᠤᠭᠠᠷ ᠫᠠᠨᠽᠠᠯᠠᠬᠤ ᠠᠵᠢᠯᠯᠠᠭ᠎᠎ᠠ ᠳᠦ ᠬᠦᠴᠦᠲᠠᠢ ᠴᠤᠬᠢᠯᠲᠠ ᠦᠭ᠍ᠭᠦᠨ᠎ᠠ ᠭᠡᠯ᠎ᠡ᠃

    ᠪᠡᠭᠡᠵᠢᠩ ᠤᠨ ᠬᠡᠰᠡᠭ ᠲᠤᠮᠤ ᠡᠮᠨᠡᠯᠭᠡ ᠳᠤ ᠳ᠋ᠤᠭᠠᠷ  ᠤᠨ ᠫᠠᠨᠽᠠᠴᠢᠨ ᠤᠷᠲᠤ ᠬᠤᠭᠤᠴᠠᠭ᠎ᠠ ᠰᠠᠷᠢᠭᠠᠯᠠᠬᠤ ᠠᠵᠢᠯᠯᠠᠭ᠎ᠠ ᠬᠢᠬᠦ ᠳᠦ ᠪᠠᠨ ᠬᠠᠶᠠ ᠡᠮᠴᠢ ᠪᠤᠯᠤᠨ ᠮᠦᠷᠦᠯᠡᠵᠤ ᠪᠠᠶᠢᠭ᠎ᠠ ᠡᠪᠡᠳᠴᠢᠲᠡᠳ ᠲᠠᠢ ᠮᠦᠷᠭᠦᠯᠳᠦᠭᠡᠨ ᠭᠠᠷᠳᠠᠭ᠃ ᠲᠤᠰ ᠤᠳᠠᠭᠠᠨ ᠤ ᠲᠤᠰᠬᠠᠢ ᠠᠵᠢᠯᠯᠠᠭᠠ ᠳᠦ ᠪᠡᠭᠡᠵᠢᠩ ᠬᠤᠲᠠ ᠶᠢᠨ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠳ᠋ᠤᠭᠠᠷ ᠤᠨ ᠫᠠᠨᠽᠠᠴᠢᠨ ᠤ ᠶᠤᠰᠤ ᠪᠤᠰᠤ ᠠᠵᠢᠯᠯᠠᠭ᠎ᠠ ᠳᠦ ᠬᠤᠯᠪᠤᠭᠳᠠᠬᠤ᠂ ᠪᠤᠰᠤᠳ ᠲᠠᠢ ᠰᠦᠯᠪᠡᠭᠡᠡᠯᠳᠦᠬᠦ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ  ᠶᠢ ᠬᠦᠨᠵᠡᠭᠡᠢ ᠮᠦᠷᠳᠡᠨ ᠪᠠᠶᠢᠴᠠᠭᠠᠵᠤ ᠬᠦᠴᠦᠲᠡᠢ ᠴᠤᠬᠢᠯᠲᠠ ᠦᠭ᠍ᠬᠦ ᠪᠠᠷ ᠪᠠᠶᠢᠨ᠎ᠠ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119406443