蒙古文网站Logo
ᠰᠢᠨᠬᠤᠸᠠ ᠮᠤᠩᠭ᠋ᠤᠯ ᠨᠧᠲ

ᠮᠠᠭᠤ ᠵᠡᠭᠦᠲᠤ ᠶᠠᠭᠠᠬᠢᠭᠠᠳ ᠲᠠᠪᠳᠠᠬᠳᠠᠭᠠᠳ ᠪᠠᠢᠢᠳᠠᠬ ᠪᠤᠢ

2016-09-29 16:55

    ᠤᠯᠠᠩᠬᠢ ᠬᠦᠮᠦᠰ ᠬᠦᠨᠳᠦ ᠨᠤᠴᠢᠲᠠᠢ ᠤᠶᠤᠨ ᠰᠠᠨᠠᠭᠠᠨ ᠤ ᠰᠡᠲᠡᠯᠲᠡ ᠤᠯᠤᠬᠰᠠᠨ ᠤ ᠰᠡᠭᠦᠯᠡᠷ᠂ ᠬᠡᠰᠡᠭ ᠬᠤᠭᠤᠴᠠᠭᠠᠨ ᠳᠤᠲᠤᠷ᠎ᠠ ᠠᠳᠠᠯᠢᠬᠠᠨ ᠮᠠᠭᠤ ᠵᠡᠭᠦᠳᠦ ᠶᠢ ᠳᠠᠬᠢᠨ ᠳᠠᠪᠲᠠᠨ ᠵᠡᠭᠦᠳᠦᠯᠡᠳᠡᠭ᠃ ᠠᠩᠭ᠍ᠯᠢ ᠶᠢᠨ ᠰᠧᠩᠰᠢ ᠶᠡᠭᠡ ᠰᠤᠷᠭᠠᠭᠤᠯᠢ ᠶᠢᠨ ᠨᠦᠢᠷ ᠤᠨ ᠰᠢᠨᠵᠢᠯᠡᠬᠦ ᠤᠬᠠᠭᠠᠨ ᠤ ᠮᠡᠷᠭᠡᠵᠢᠯᠲᠡᠨ ᠮᠠᠺᠧ • ᠪᠦᠯᠧᠭᠷᠧᠹ ᠂ ᠡᠨᠡᠬᠦ ᠠᠰᠠᠭᠤᠳᠠᠯ ᠨᠢ ᠦᠨᠡᠨ ᠳᠡᠭᠡᠨ ᠵᠡᠬᠦᠳᠦ ᠬᠤᠶᠢᠰᠢᠯᠠᠬᠰᠠᠨ ᠤᠴᠢᠷ ᠪᠤᠯᠤᠨ᠎ᠠ ᠭᠡᠵᠡᠢ᠃ ᠲᠡᠷᠡ᠄ 《ᠬᠦᠮᠦᠰ ᠤᠨ ᠵᠡᠭᠦᠳᠦᠨ ᠳᠤ ᠢᠯᠡᠷᠡᠳᠡᠭ ᠵᠦᠢᠯ ᠨᠢ ᠶᠡᠷᠦᠳᠡᠭᠡᠨ ᠡᠳᠦᠷ ᠲᠤ ᠪᠤᠯᠤᠬᠰᠠᠨ ᠬᠡᠷᠡᠭ ᠶᠠᠪᠤᠳᠠᠯ ᠪᠤᠯᠤᠨ᠎ᠠ᠃ ᠭᠡᠪᠡᠴᠦ ᠵᠠᠪᠠᠯ ᠲᠤᠬᠠᠢ ᠶᠢᠨ ᠤᠷᠤᠢ ᠳᠠᠭᠠᠨ ᠵᠡᠭᠦᠳᠤᠯᠡᠬᠦ ᠭᠡᠰᠡᠨ ᠤᠴᠢᠷ ᠪᠢᠰᠢ ᠃ ᠬᠡᠳᠤᠨ ᠡᠳᠦᠷ ᠤᠨ ᠳᠠᠷᠠᠭ᠎ᠠ ᠴᠦ᠂ ᠡᠳᠡᠭᠡᠷ ᠬᠡᠷᠡᠭ ᠶᠠᠪᠤᠳᠠᠯ ᠳᠠᠬᠢᠨ ᠵᠡᠬᠦᠳᠦᠨ ᠳᠤ ᠴᠢᠨᠢ ᠢᠯᠡᠷᠡᠵᠦ ᠮᠡᠳᠡᠬᠦ ᠶᠤᠮ᠃ ᠡᠨᠡ ᠨᠢ ᠶᠡᠭᠡ ᠲᠠᠷᠢᠬᠢ ᠬᠠᠮᠤᠭ ᠤᠨ ᠤᠳᠠᠭᠠᠨ ᠳᠠᠭᠠᠨ 7 ᠡᠳᠦᠷ ᠤᠨ ᠴᠠᠭ ᠢ ᠬᠡᠷᠡᠭᠰᠡᠵᠦ ᠡᠳᠡᠭᠡᠷ ᠰᠤᠷᠠᠭ ᠵᠠᠩᠬᠢ ᠶᠢ ᠰᠢᠢᠳᠪᠦᠷᠢᠯᠡᠬᠦ ᠪᠦᠭᠡᠳ ᠬᠠᠳᠠᠭᠠᠯᠠᠳᠠᠭ》  ᠡᠴᠡ ᠪᠤᠯᠵᠡᠢ ᠭᠡᠪᠡ᠃

    ᠪᠦᠯᠧᠭᠷᠧᠹ ᠤᠨ ᠦᠵᠡᠬᠦ ᠪᠠᠷ᠂ ᠳᠠᠬᠢᠨ ᠳᠠᠪᠲᠠᠨ ᠢᠯᠡᠷᠡᠬᠦ ᠮᠠᠭᠤ ᠵᠡᠬᠦᠳᠦ ᠶᠢ ᠡᠰᠡᠷᠭᠦᠴᠡᠬᠦ ᠬᠠᠮᠤᠭ ᠰᠠᠶᠢᠨ ᠠᠷᠭ᠎ᠠ ᠪᠤᠯ ᠳᠡᠳᠡᠭᠡᠷ ᠢ ᠬᠡᠯᠡᠵᠦ ᠭᠠᠷᠭᠠᠬᠤ ᠶᠠᠪᠤᠳᠠᠯ ᠪᠤᠯᠤᠨ᠎ᠠ᠃ ᠲᠡᠬᠦᠨ ᠤ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠳᠡᠳᠡᠭᠡᠷ ᠰᠤᠯᠠ ᠵᠤᠭᠤᠬᠳᠠᠬᠤ ᠬᠦᠮᠦᠰ ᠲᠠᠢ ᠠᠳᠠᠯᠢᠳᠬᠠᠪᠠᠯ᠂ ᠴᠠᠭ ᠭᠠᠷᠤᠵᠠᠳᠠᠭᠤᠯᠵᠤ ᠵᠡᠭᠦᠳᠦ ᠪᠠᠨ ᠵᠠᠳᠠᠯᠵᠦ ᠰᠦᠪᠡᠭ᠍ᠴᠢᠯᠡᠬᠦ ᠬᠦᠮᠦᠨ ᠦᠪᠡᠷ ᠤᠨ ᠠᠮᠢᠳᠤᠷᠠᠬᠤᠢ ᠳᠠᠭᠠᠨ ᠨᠡᠩ ᠬᠦᠨᠵᠡᠬᠡᠢ ᠤᠢᠢᠯᠠᠭᠠᠯᠲᠠ ᠲᠠᠢ ᠪᠤᠯᠵᠦ ᠪᠤᠯᠤᠨ᠎ᠠ᠃ ᠵᠠᠷᠢᠮ ᠦᠶᠡᠰ᠂ ᠬᠦᠮᠦᠨ ᠵᠡᠭᠦᠳᠦ ᠠᠴᠠ ᠪᠠᠨ ᠠᠮᠢᠳᠤᠷᠠᠯ ᠤᠨ ᠰᠡᠩᠭᠡᠷᠡᠬᠦᠯᠦᠯ ᠤᠯᠵᠤ᠂ ᠠᠬᠤᠢ ᠠᠮᠢᠳᠤᠷᠠᠯ ᠳᠤᠮᠳᠠᠬᠢ ᠬᠦᠴᠢᠷᠳᠡᠯ ᠢ ᠰᠢᠢᠳᠪᠦᠷᠢᠯᠡᠬᠦ ᠳᠤ ᠬᠠᠪᠰᠤᠷᠤᠮᠵᠢ ᠪᠤᠯᠬᠤ ᠶᠤᠮ ᠭᠡᠵᠡᠢ᠃

ᠢᠷᠡᠯᠳᠡ᠄ ᠳᠤᠮᠳᠠᠳᠤ ᠤᠯᠤᠰ ᠤᠨ ᠮᠣᠩᠭ᠋ᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119648687