蒙古文网站Logo
ᠰᠢᠨᠬᠤᠸᠠ ᠮᠤᠩᠭ᠋ᠤᠯ ᠨᠧᠲ

ᠤᠤᠭᠤᠬᠤ ᠤᠰᠤᠨ ᠳ᠋ᠦ ᠲᠤᠰᠬᠠᠢ ᠮᠡᠷᠭᠡᠵᠢᠯᠳᠡᠨ 7 ᠪᠠᠷᠢᠮᠵᠢᠶ᠎ᠠ ᠲᠤᠬᠳᠠᠭᠠᠪᠠ 

2016-10-10 11:06

    ᠰᠢᠨᠬᠤᠸᠠ ᠬᠤᠷᠢᠶ᠎ᠠ ᠪᠡᠭᠡᠵᠢᠩ ᠤᠨ 10 ᠰᠠᠷ᠎ᠠ ᠶᠢᠨ 6 ᠤ ᠡᠳᠤᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠾᠦ ‌ᠬᠤᠤ) ᠡᠮᠦᠨᠡᠬᠡᠨ᠂ ᠪᠡᠭᠡᠵᠢᠩ ᠤᠨ ᠤᠯᠠᠨ ᠨᠡᠶᠢᠲᠡ‌ᠵᠢᠨ ᠠᠷᠢᠭᠤᠨ ᠴᠡᠪᠡᠷ ᠤᠤᠭᠤᠬᠤ ᠤᠰᠤᠨ ᠤ ᠰᠤᠳᠤᠯᠭᠠᠨ ᠤ ᠭᠠᠵᠠᠷ ᠤᠨ ᠲᠠᠷᠤᠭ᠎ᠠ ᠯᠢ ᠹᠦ᠋ ᠰᠢᠩ ᠠᠷᠢᠭᠤᠨ ‌‍ᠴᠡᠪᠡᠷ ᠤᠤᠭᠤᠬᠤ ᠤᠰᠤᠨ ᠤ 7 ᠪᠠᠷᠢᠮᠵᠢᠶ᠎ᠠ ᠶᠢ ᠲᠤᠷᠠᠳᠴᠠᠢ᠃

    ᠲᠤᠮᠳᠠᠳᠤ ᠤᠯᠤᠰ ᠤᠨ ᠴᠢᠨᠡᠭᠡᠯᠢᠭ᠌ ᠨᠡᠶᠢᠭᠡᠮ ᠤᠨ ᠪᠦᠲᠦᠭᠡᠨ ᠪᠠᠶᠢᠭᠤᠯᠤᠯᠲᠠ  ᠶᠢᠨ ᠰᠤᠳᠤᠯᠭᠠᠨ ᠤ ᠨᠠᠶᠢᠬᠡᠮᠯᠢᠭ᠌  ᠡᠴᠡ ᠰᠠᠨᠠᠭᠠᠴᠢᠯᠠᠬᠰᠠᠨ 《ᠲᠦᠷᠪᠡᠳᠦᠭᠡᠷ ᠬᠤᠭᠤᠴᠠᠭᠠᠨ ᠤ ᠤᠰᠤ ᠬᠢᠭᠡᠳ ᠤᠯᠤᠰ ᠤᠨ ᠠᠶᠦᠯᠬᠦᠢ ᠶᠢᠨ ᠶᠠᠷᠢᠯᠴᠠᠨ ᠰᠤᠳᠤᠯᠬᠤ ᠬᠤᠷᠠᠯ》 ᠵᠢᠴᠢ 《ᠲᠤᠮᠳᠠᠳᠤ ᠤᠯᠤᠰ ᠤᠨ ᠪᠠᠶᠢᠭᠠᠯᠢᠯᠢᠬ ᠪᠤᠬᠢᠷᠳᠤᠯ ᠦᠭᠡᠢ ᠠᠵᠤ ᠦᠢᠯᠡᠰ ᠤᠨ ᠬᠦᠭ᠍ᠵᠢᠯᠲᠡ  ᠶᠢᠨ ᠳᠡᠭᠡᠳᠤ ᠲᠦᠪᠰᠢᠨ ᠤ ᠹᠣᠷᠦ᠋ᠮ》 ᠲᠤ ᠯᠢ ᠹᠦ᠋ ᠰᠢᠩ᠂ ᠤᠤᠭᠤᠬᠤ ᠤᠰᠤᠨ‌‍ᠳᠤ ᠬᠤᠤᠷ ᠬᠦᠨᠦᠭᠡᠯ ᠲᠠᠢ᠂ ᠡᠯᠳᠡᠪ ᠦᠨᠤᠷ ᠲᠠᠢ ᠪᠤᠳᠠᠰ ᠠᠭᠤᠯᠬᠤ ᠦᠬᠡᠢ ᠪᠠᠶᠢᠬᠤ ᠶᠤᠰᠤᠲᠠᠢ ᠪᠦᠭᠡᠳ ᠬᠠᠳᠠᠭᠤᠴᠠ ᠪᠣᠯᠤᠨ ᠬᠦᠮᠦᠨ ᠤ ᠪᠡᠶ᠎ᠡ ᠳᠤ ᠬᠡᠷᠡᠭᠰᠡᠬᠦ ᠡᠷᠦᠳᠡᠰᠦᠠ ᠤ ᠠᠭᠤᠯᠤᠭᠳᠠᠴᠠ  ᠨᠢ ᠲᠤᠬᠢᠷᠠᠮᠵᠢᠲᠠᠢ᠂ ᠰᠤᠯᠠ ᠱᠦᠯᠳᠦᠯᠢᠭ ᠴᠢᠨᠠᠷᠲᠠᠢ᠂ ᠤᠰᠤᠨ ᠲᠤᠳᠤᠷᠠᠬᠢ ᠠᠭᠤᠰᠤᠮᠠᠬᠠᠢ ᠬᠦᠴᠢᠯᠳᠦ᠋ᠷᠦᠭᠴᠢ ᠬᠢᠭᠡᠳ ᠨᠡᠭᠦᠷᠡᠰᠥᠳᠥ᠋ᠷᠥᠭᠴᠢ ᠶᠢᠨ ᠳᠠᠪᠬᠤᠷ ᠢᠰᠤᠯ ‍ᠤᠨ ‌ᠠᠭᠤᠯᠤᠭᠳᠠᠴᠠ ᠨᠢ ᠲᠤᠬᠢᠷᠠᠮᠵᠢᠲᠠᠢ᠂ ᠤᠰᠤᠨ ᠤ ᠮᠤᠯᠧᠺᠥ᠋ᠯ ᠤᠨ ᠪᠥᠯᠥᠭ ᠨᠢ ᠵᠢᠵᠢᠭ᠌᠂ ᠤᠰᠤᠨ ᠤ ᠢᠳᠡᠪᠬᠢ ᠴᠢᠨᠠᠷ ᠨᠢ‌‍ ᠴᠢᠩ᠋ᠭ᠎ᠠ ᠵᠡᠷᠭᠡ ᠶᠢ ᠱᠠᠭᠠᠷᠳᠠᠨ᠎ᠠ ᠭᠡᠵᠤ ᠢᠯᠡᠷᠭᠡᠶᠢᠯᠡᠵᠡᠢ᠃

    ᠷᠠᠰᠢᠶᠠᠨ ᠤᠰᠤ ᠰᠠᠶᠢᠨ ᠶᠤᠮ ᠤᠤ ᠴᠡᠪᠡᠷ ᠤᠰᠤ ᠰᠠᠶᠢᠨ ᠶᠤᠮ ᠤᠤ ? ᠲᠤᠰᠬᠠᠢ ᠮᠡᠷᠭᠡᠵᠢᠯᠲᠡᠨ ᠤ ᠬᠡᠯᠡᠬᠦ  ᠪᠠᠷ᠂ ᠤᠤᠭᠤᠬᠤ ᠤᠰᠤᠨ ᠳᠤ ᠡᠷᠦᠳᠡᠰᠦ ᠦᠭᠡᠢ ᠪᠠᠶᠢᠵᠤ ᠪᠤᠯᠬᠤ ᠦᠭᠡᠢ᠂ ᠬᠡᠪᠡᠴᠦ ᠡᠷᠦᠳᠡᠰᠦ ᠨᠢ ᠬᠡᠳᠤᠢ ᠣᠯᠠᠨ ᠪᠣᠯ ᠲᠡᠳᠦᠢ ᠰᠠᠶᠢᠨ ᠬᠡᠰᠡᠨ ᠪᠢᠰᠢ᠃ ᠢᠤᠳ᠋ ᠨᠢᠭᠡᠳᠪᠤᠷᠢ  ᠪᠠᠷ ᠵᠢᠱᠢᠶᠡᠯᠡᠪᠡᠯ᠂ ᠤᠤᠭᠤᠬᠤ ᠤᠰᠤᠨ  ᠳᠤ ᠢᠤᠳ᠋ ‌ᠨᠢᠭᠡᠳᠪᠤᠷᠢ ᠶᠢᠨ ᠠᠭᠤᠯᠤᠭᠳᠠᠴᠠ ᠨᠢ ᠯᠢᠲ᠋ᠷ ᠪᠦᠷᠢ ᠳᠤ 0.02 ᠮᠢᠯᠢᠭᠷᠡᠮ ᠠᠴᠠ 0.05 ᠮᠢᠯᠢᠭᠷᠡᠮ ᠪᠠᠶᠢᠪᠠᠯ ᠬᠦᠮᠦᠨ ᠤ ᠪᠡᠶ᠎ᠡ‌‍ ᠳ᠋ᠦ ᠬᠠᠮᠤᠭ ᠤᠨ ᠠᠰᠢᠬᠲᠠᠢ᠂ 0.05 ᠮᠢᠯᠢᠭᠷᠡᠮ ᠠᠴᠠ ᠬᠡᠲᠦᠷᠡᠪᠡᠯ ᠢᠣᠳ᠋ ᠲᠤ ᠬᠤᠣᠷᠳᠠᠬᠳᠠᠵᠤ ᠮᠡᠳᠡᠨ᠎ᠡ᠃ ᠬᠡᠷᠪᠡ ᠤᠷᠳᠤ ᠬᠤᠭᠤᠴᠠᠭ᠎ᠠ ᠪᠡᠷ ‌‍ᠴᠡᠪᠡᠷ ᠤᠰᠤ ᠤᠤᠭᠤᠪᠠᠯ ᠬᠦᠮᠦᠨ ᠤ ᠪᠡᠶ᠎ᠡ ᠶᠢᠨ ᠲᠡᠵᠢᠭᠡᠯ ᠪᠤᠳᠠᠰ ᠲᠡᠩᠴᠡᠬᠦᠷᠢ ᠪᠠᠨ ᠠᠯᠳᠠᠬᠤ ᠪᠤᠯᠬᠤᠷ ᠡᠷᠡᠬᠦᠯ ᠮᠡᠨᠳᠤ  ᠳᠤ ‌ᠠᠰᠢᠭ ᠦᠭᠡᠢ ᠪᠠᠶᠢᠳᠠᠭ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119686211