蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠮᠤᠩᠭ᠋ᠤᠯ ᠡᠮ ᠤᠨ ᠵᠢᠯ ᠤᠨ ᠪᠤᠷᠤᠯᠠᠭᠤᠯᠭ᠎ᠠ  8.3 ᠳ᠋ᠦᠩᠰᠢᠭᠤᠷ ᠲᠦᠬᠦᠷᠢᠭ᠌ ᠲᠤ ᠬᠦᠷᠪᠡ

2016-10-11 11:35

    ᠤᠢᠢᠷ᠎ᠠ ᠶᠢᠨ ᠵᠢᠯ ᠳᠤ ᠥᠪᠦᠷ ᠮᠣᠩᠭ᠋ᠤᠯ ᠤᠨ ᠮᠤᠩᠭ᠋ᠤᠯ ᠡᠮ ᠡᠮᠨᠡᠯᠬᠡ ᠶᠢᠨ ᠠᠵᠤ ᠦᠢᠯᠡᠰ ᠤᠷᠢᠳᠤ ᠭᠠᠷᠤᠭ᠎ᠠ ᠦᠬᠡᠢ ᠬᠦᠭ᠍ᠵᠢᠨ᠂ ᠤᠳᠤ 18 ᠮᠤᠩᠭ᠋ᠤᠯ ᠡᠮ ᠤᠨ ᠠᠵᠤ ᠠᠬᠤᠢᠢᠯᠠᠯ ᠪᠠ 54 ᠮᠤᠩ᠋ᠭᠤᠯ ᠡᠮ ᠨᠠᠶᠢᠷᠠᠭᠤᠯᠬᠤ ᠦᠷᠦᠬᠡ ᠲᠠᠢ ᠪᠣᠯᠵᠤ᠂ ᠮᠤᠩᠭ᠋ᠤᠯ ᠡᠮ ᠤᠨ ᠵᠢᠯ ᠤᠨ ᠪᠤᠷᠤᠯᠠᠭᠤᠯᠭ᠎ᠠ 8.3 ᠳ᠋ᠦᠩᠰᠢᠭᠤᠷ ᠲᠦᠬᠦᠷᠢᠭ᠌ ᠲᠤ ᠬᠦᠷᠴᠦ ᠪᠤᠢ᠃

    ᠤᠷᠤᠨ ᠳᠠᠶᠠᠭᠠᠷ ᠤᠨ ᠮᠤᠩ᠋ᠭᠤᠯ ᠡᠮ ᠡᠮᠨᠡᠯᠬᠡ ᠶᠢᠨ ᠠᠵᠤ ᠦᠢᠯᠡᠰ ᠤᠨ ᠴᠢᠬᠤᠯᠠ ᠰᠠᠭᠤᠷᠢᠨ ᠪᠤᠯᠤᠭᠰᠠᠨ ᠲᠦᠩᠯᠢᠶᠤᠤ ᠬᠤᠳᠠ  ᠶᠢᠨ  ᠬᠢᠨ ᠤᠯᠠᠮᠵᠢᠯᠠᠯᠳᠤ ᠮᠤᠩᠭ᠋ᠤᠯ ᠡᠮ ᠡᠮᠨᠡᠯᠬᠡ  ᠶᠢᠨ ᠠᠵᠤ ᠦᠢᠯᠡᠰ ᠲᠤ ᠲᠦᠰᠢᠭᠯᠡᠨ ᠡᠮ ᠤᠨ ᠮᠠᠲ᠋ᠧᠷᠢᠶᠠᠯ ᠲᠠᠷᠢᠵᠤ ᠴᠤᠭᠯᠠᠭᠤᠯᠬᠤ ᠠᠴᠠ ᠡᠬᠢᠯᠡᠨ ᠡᠳ᠋ᠰᠢᠬᠦᠯᠵᠤ ᠦᠢᠯᠡᠳᠪᠤᠷᠢᠯᠡᠬᠦ ᠬᠦᠷᠳᠡᠯᠡᠬᠢ ᠪᠦᠬᠦ᠋ᠢᠯᠡ ᠶᠠᠪᠤᠴᠠ ᠶᠢᠨ ᠮᠦᠷᠳᠡᠯᠳᠡ ᠶᠢᠨ ᠰᠢᠰᠲ᠋ᠧᠮ ᠢ ᠪᠠᠶᠢᠭᠤᠯᠵᠤ᠂ ᠤᠳᠤ 10 ᠮᠤᠩᠭ᠋ᠤᠯ ᠡᠮ ᠡᠮᠨᠡᠯᠬᠡ ᠶᠢᠨ ᠰᠢᠨᠵᠢᠯᠡᠬᠦ ᠤᠬᠠᠭᠠᠨ ᠰᠤᠳᠤᠯᠭᠠᠨ ᠤ ᠪᠠᠶᠢᠭᠤᠯᠤᠮᠵᠢ ᠲᠠᠢ ᠪᠤᠯᠤᠭᠠᠳ 240 ᠭᠠᠷᠤᠢ ᠵᠦᠢᠯ  ᠤᠨ ᠮᠤᠩᠭ᠋ᠤᠯ ᠡᠮ ᠦᠢᠯᠡᠳᠪᠤᠷᠢᠯᠡᠵᠤ ᠲᠠᠶᠢᠯᠬᠦ ᠪᠤᠯᠵᠡᠢ᠃ ᠵᠢᠱᠢᠯᠳᠠ ᠪᠠᠷ ᠡᠨᠡ ᠵᠢᠯ ᠲᠦᠩᠯᠢᠶᠤᠤ ᠬᠤᠳᠠ ᠶᠢᠨ ᠮᠤᠩ᠋ᠭᠤᠯ ᠡᠮ ᠤᠨ ᠦᠢᠯᠡᠳᠪᠤᠷᠢᠯᠡᠯ ᠤᠨ ᠴᠢᠳᠠᠪᠤᠷᠢ 2000 ᠲᠤᠨ ᠳᠤ ᠬᠦᠷᠴᠦ᠂ ᠪᠤᠷᠤᠯᠠᠭᠤᠯᠭ᠎ᠠ ᠶᠢᠨ ᠤᠷᠤᠯᠭ᠎ᠠ  3 ᠳ᠋ᠦᠩᠰᠢᠭᠤᠷ ᠲᠦᠬᠦᠷᠢᠭ᠌ ᠢ ᠳᠠᠪᠠᠬᠤ ᠪᠤᠯᠤᠨ᠎ᠠ᠃ 

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠣᠨᠢᠨ ᠮᠡᠳᠡᠬᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119694195