蒙古文网站Logo
ᠰᠢᠨᠬᠤᠸᠠ ᠮᠤᠩᠭ᠋ᠤᠯ ᠨᠧᠲ

ᠪᠷᠠᠽᠢᠯ ᠰᠢᠬᠢᠷ ᠰᠢᠵᠢᠩ ᠡᠪᠡᠳᠴᠢᠨ ᠨᠢᠳᠤᠨ ᠤ ᠲᠤᠤᠷᠯᠢᠭ ᠪᠦᠷᠬᠦᠪᠴᠢ ᠶᠢᠨ ᠡᠪᠡᠳᠴᠢᠨ ᠡᠭᠦᠰᠭᠡᠬᠦ ᠶᠢ ᠰᠡᠷᠭᠡᠶᠢᠯᠡᠬᠦ ᠨᠢᠳᠤᠨ ᠤ ᠳᠤᠰᠤᠭᠠᠴᠠ  ᠶᠢ ᠰᠤᠳᠤᠯᠤᠨ ᠭᠠᠷᠭᠠᠵᠡᠢ

2016-10-12 11:40

    ᠰᠢᠨᠬᠤᠧᠠ ᠬᠣᠷᠢᠶ᠎ᠠ   ᠷᠢᠦ᠋ ᠳ᠋ᠢ ᠿᠧᠨ᠋᠋ᠧᠶᠢᠷᠦ᠋ ᠶᠢᠨ 10 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ( ᠰᠣᠷᠪᠤᠯᠵᠢᠯᠠᠭᠴᠢ ᠵᠤᠤ ᠶᠠᠨ᠂ ᠴᠧᠠ ᠸᠸᠢ ᠬᠤᠸᠠ) ᠪᠷᠠᠽᠢᠯ ᠤᠨ ᠰᠤᠳᠤᠯᠤᠭᠠᠴᠢ ᠡᠮᠦᠨᠡᠬᠡᠨ ᠰᠢᠬᠢᠷ ᠰᠢᠵᠢᠩ ᠡᠪᠡᠳᠴᠢᠨ ᠨᠢᠳᠤᠨ ᠤ ᠲᠤᠤᠷᠯᠢᠭ ᠪᠦᠷᠬᠦᠪᠴᠢ ᠢᠶᠨ ᠡᠪᠡᠳᠴᠢᠨ ᠡᠬᠦᠰᠭᠡᠬᠦ ᠶᠢ ᠰᠡᠷᠭᠡᠶᠢᠯᠡᠬᠦ ᠪᠠ ᠵᠠᠰᠠᠬᠤ ᠨᠢᠬᠡ ᠵᠦᠢᠯ ᠤᠨ ᠨᠢᠳᠤᠨ ᠤ ᠳᠤᠰᠤᠭᠠᠴᠠ  ᠶᠢ ᠰᠤᠳᠤᠯᠤᠨ ᠭᠠᠷᠭᠠᠵᠡᠢ᠃ ᠲᠤᠰ ᠨᠢᠳᠤᠨ ᠤ ᠳᠤᠰᠤᠭᠠᠴᠠ  ᠨᠢ ᠮᠡᠰᠡ ᠵᠠᠰᠠᠯ  ᠤᠨ ᠡᠮᠴᠢᠯᠡᠬᠦ ᠠᠷᠭ᠎ᠠ ᠡᠴᠡ ᠠᠶᠤᠯ ᠲᠦᠭᠰᠢᠭᠦᠷᠢ ᠪᠡᠷ ᠪᠠᠭ᠎ᠠ ᠪᠠᠶᠢᠳᠠᠭ᠃

    ᠰᠢᠬᠢᠷ ᠰᠢᠵᠢᠩ ᠡᠪᠡᠳᠴᠢᠨ ᠨᠢᠳᠤᠨ ᠤ ᠲᠤᠤᠷᠯᠢᠭ ᠪᠦᠷᠬᠦᠪᠴᠢ ᠶᠢᠨ ᠡᠪᠡᠳᠴᠢᠨ ᠡᠬᠦᠰᠭᠡᠬᠦ ᠪᠣᠯ ᠰᠢᠬᠢᠷ ᠰᠢᠵᠢᠩ ᠡᠪᠡᠳᠴᠢᠨ ᠤ ᠬᠠᠮ ᠡᠪᠡᠳᠴᠢᠨ  ᠮᠦᠨ᠂ ᠬᠦᠨᠳᠦᠷᠡᠪᠡᠯ ᠰᠤᠬᠤᠷᠴᠦ ᠮᠡᠳᠡᠨ᠎ᠠ᠃ ᠪᠷᠠᠽᠢᠯ ᠤᠨ ᠰᠤᠳᠤᠯᠤᠭᠠᠴᠢᠳ 20 ᠵᠢᠯ ᠵᠠᠷᠤᠴᠠᠭᠤᠯᠤᠨ ᠲᠤᠰ ᠨᠢᠳᠤᠨ ᠤ ᠳᠤᠰᠤᠭᠠᠴᠠ  ᠶᠢ ᠰᠤᠳᠤᠯᠵᠠᠢ᠂ ᠠᠮᠢᠲᠠᠨ ᠤ ᠲᠣᠷᠰᠢᠯᠲᠠ ᠨᠢ ᠲᠤᠰ ᠡᠮ  ᠬᠠᠷᠠᠭᠠᠨ ᠤ ᠮᠡᠳᠡᠷᠡᠯ ᠤᠨ ᠰᠢᠰᠲ᠋ᠧᠮ ᠢ ᠬᠠᠮᠠᠭᠠᠯᠠᠬᠤ ᠥᠢᠯᠡᠳᠤᠯ ᠲᠠᠢ ᠮᠦᠷᠲᠡᠭᠡᠨ ᠭᠠᠵᠢ ᠨᠦᠯᠦᠬᠡ ᠦᠬᠡᠢ ᠶᠢ ᠨᠤᠳᠠᠯᠠᠬᠰᠠᠨ ᠪᠠᠢᠢᠨ᠎ᠠ᠃

ᠢᠷᠡᠯᠳᠡ᠄ ᠰᠢᠨᠬᠣᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119702019