蒙古文网站Logo
ᠰᠢᠨᠬᠤᠸᠠ ᠮᠤᠩᠭ᠋ᠤᠯ ᠨᠧᠲ

2020 ᠤᠨ ᠪᠤᠯᠳᠠᠯ᠎ᠠ ᠦᠪᠦᠷ ᠮᠤᠩᠭᠤᠯ ᠮᠤᠩᠭᠤᠯ ᠬᠢᠳᠠᠳ ᠡᠮ ᠡᠮᠨᠡᠯᠬᠡ ᠶᠢᠨ ᠡᠷᠡᠬᠦᠯ ᠮᠡᠨᠳᠦ ᠶᠢᠨ ᠦᠢᠯᠡᠴᠢᠯᠡᠬᠡᠨ ᠤ ᠰᠢᠨ᠎ᠡ ᠬᠠᠷᠠᠯᠳᠠ ᠶᠢ ᠪᠡᠶᠡᠯᠡᠬᠦᠯᠦᠨ᠎ᠡ

2016-10-22 11:56

    ᠡᠮᠦᠨᠡᠭᠡᠨ᠂ ᠦᠪᠦᠷ ᠮᠤᠩᠭᠤᠯ 《ᠮᠤᠩᠭᠤᠯ ᠡᠮ ᠡᠮᠨᠡᠯᠭᠡ ᠬᠢᠳᠠᠳ ᠡᠮ ᠡᠮᠨᠡᠯᠭᠡ ᠶᠢᠨ ᠡᠷᠡᠬᠦᠯ ᠮᠡᠨᠳᠦ ᠶᠢᠨ ᠦᠢᠯᠡᠴᠢᠯᠡᠭᠡᠨ ᠤ ᠬᠦᠭᠵᠢᠯᠳᠡ ᠶᠢᠨ ᠲᠦᠰᠦᠯ (2016-2020 ᠤ)》 ᠢ᠋ ᠲᠤᠭᠳᠠᠭᠠᠵᠦ᠂ 2020 ᠤᠨ ᠪᠤᠯᠳᠠᠯ᠎ᠠ ᠮᠤᠩᠭᠤᠯ ᠬᠢᠳᠠᠳ ᠡᠮ ᠡᠮᠨᠡᠯᠭᠡ ᠶᠢᠨ ᠡᠷᠡᠬᠦᠯ ᠮᠡᠨᠳᠦ ᠶᠢᠨ ᠦᠢᠯᠡᠴᠢᠯᠡᠭᠡᠨ ᠤ ᠬᠦᠭᠵᠢᠯᠳᠡ ᠶᠢᠨ ᠰᠢᠨ᠎ᠡ ᠬᠠᠷᠠᠯᠳᠠ ᠶᠢ ᠪᠡᠶᠡᠯᠡᠬᠦᠯᠵᠦ᠂ ᠦᠪᠦᠷ ᠮᠤᠩᠭᠤᠯ ᠤᠨ ᠡᠷᠡᠬᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠪᠤᠯᠤᠨ ᠡᠳ᠋ ᠤᠨ ᠵᠠᠰᠠᠭ ᠨᠡᠶᠢᠭᠡᠮ ᠤᠨ ᠵᠠᠭᠪᠤᠷ ᠢ ᠦᠬᠡᠷᠡᠴᠢᠯᠡᠬᠦ ᠬᠦᠭᠵᠢᠯᠳᠡ ᠳᠤ ᠬᠦᠴᠦᠳᠠᠢ ᠲᠦᠰᠢᠭ ᠬᠠᠩᠭᠠᠨ᠎ᠠ ᠭᠡᠪᠡ᠃

    ᠤᠷᠤᠨ ᠲᠠᠶᠠᠭᠠᠷ ᠤᠨ ᠬᠤᠶᠠᠳᠤᠭᠠᠷ ᠵᠡᠷᠬᠡᠯᠡᠯ ᠡᠴᠡ ᠳᠡᠭᠡᠭᠰᠢᠬᠢ ᠪᠦᠬᠦ ᠮᠤᠩᠭᠤᠯ ᠬᠢᠳᠠᠳ ᠡᠮᠴᠢᠯᠡᠭᠡᠨ ᠤ ᠪᠠᠶᠢᠭᠤᠯᠤᠮᠵᠢ ᠳᠤ ᠢᠯᠡᠷᠡᠭᠡᠳᠦᠢ ᠡᠪᠡᠳᠴᠢᠨ ᠢ ᠵᠠᠰᠠᠬᠤ ᠡᠮᠨᠡᠯᠬᠡ ᠭᠠᠷᠭᠠᠵᠦ᠂ ᠮᠤᠩᠭᠤᠯ ᠬᠢᠳᠠᠳ ᠡᠮ ᠡᠮᠨᠡᠯᠭᠡ ᠶᠢᠨ ᠡᠷᠡᠬᠦᠯᠵᠢᠯ ᠤᠨ ᠦᠢᠯᠡᠴᠢᠯᠡᠭᠡ ᠬᠠᠩᠭᠠᠨ᠎ᠠ᠃ ᠠᠶᠢᠮᠠᠭ ᠬᠤᠳᠠ ᠪᠦᠷᠢ 3-5 ᠢᠯᠡᠷᠡᠭᠡᠳᠦᠢ ᠡᠪᠡᠳᠴᠢᠨ ᠢ ᠵᠠᠰᠠᠬᠤ ᠦᠢᠯᠡᠴᠢᠯᠡᠭᠡᠨ ᠤ ᠵᠢᠱᠢᠶ᠎ᠡ ᠦᠵᠡᠬᠦᠯᠬᠦ ᠨᠢᠭᠡᠴᠡ ᠶᠢ ᠭᠤᠤᠯᠳᠠᠯᠭ᠎ᠠ ᠲᠠᠢ ᠳᠡᠮᠵᠢᠨ᠎ᠡ; ᠡᠯ᠎ᠠ ᠱᠠᠳᠤᠨ ᠤ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠤᠯᠤᠰ ᠤᠨ ᠵᠡᠷᠬᠡᠯᠡᠯ ᠤᠨ ᠡᠮᠨᠡᠯᠭᠡ ᠶᠢᠨ ᠬᠤᠷᠢᠶᠠᠨ ᠤ ᠰᠠᠭᠤᠷᠢ ᠲᠤᠨᠤᠭ ᠲᠦᠭᠦᠭᠡᠷᠦᠮᠵᠢ ᠶᠢ ᠪᠠᠷᠢᠮᠵᠢᠶᠠᠵᠢᠭᠤᠯᠤᠨ ᠲᠦᠭᠦᠷᠵᠢᠬᠦᠯᠬᠦ ᠱᠠᠭᠠᠷᠳᠠᠯᠭ᠎ᠠ ᠳᠤ ᠨᠡᠶᠢᠴᠡᠬᠦᠯᠵᠦ ᠂ ᠡᠯ᠎ᠡ ᠠᠶᠢᠮᠠᠭ ᠬᠤᠳᠠ ᠨᠠᠭᠠᠳᠤ ᠵᠠᠬ᠎ᠠ ᠳᠠᠭᠠᠨ 1 ᠭᠤᠷᠪᠠᠳᠤᠭᠠᠷ ᠬᠦᠭᠡ ᠳᠡᠰ ᠤᠨ ᠮᠤᠩᠭᠤᠯ ᠬᠢᠳᠠᠳ ᠡᠮᠨᠡᠯᠭᠡ ᠪᠠᠶᠢᠭᠤᠯᠵᠦ᠂ ᠡᠯ᠎ᠡ ᠬᠤᠰᠢᠭᠤ ᠰᠢᠶᠠᠨ (ᠬᠤᠳᠠ᠂ ᠲᠤᠭᠤᠷᠢᠭ) ᠬᠤᠶᠠᠳᠤᠭᠠᠷ ᠬᠦᠭᠡ ᠳᠡᠰ ᠠᠴᠠ ᠳᠡᠭᠡᠭᠰᠢᠬᠢ ᠮᠤᠩᠭᠤᠯ ᠬᠢᠳᠠᠳ ᠡᠮᠨᠡᠯᠭᠡ 1 ᠪᠠᠶᠢᠭᠤᠯᠤᠨ᠎ᠠ᠃ ᠡᠯ᠎ᠡ ᠱᠠᠳᠤᠨ ᠤ ᠮᠤᠩᠭᠤᠯ ᠬᠢᠳᠠᠳ ᠡᠮᠨᠡᠯᠭᠡ ᠢᠳᠡᠪᠬᠢᠳᠠᠢ ᠪᠠᠷ ᠮᠤᠩᠭᠤᠯ ᠬᠢᠳᠠᠳ ᠡᠮ ᠡᠮᠨᠡᠯᠭᠡ ᠶᠢᠨ ᠴᠡᠭᠡ ᠵᠠᠰᠠᠯ᠂ ᠵᠡᠬᠦᠦ ᠲᠦᠭᠡᠨᠡᠯᠭᠡ ᠵᠡᠷᠭᠡ ᠤᠨᠴᠠᠯᠢᠬᠳᠦ ᠵᠠᠰᠠᠯ ᠢ ᠦᠷᠨᠢᠬᠦᠯᠦᠨ᠎ᠡ; 1 ᠤᠯᠤᠰ ᠤᠨ ᠵᠡᠷᠬᠡᠯᠡᠯ ᠤᠨ ᠮᠤᠩᠭᠤᠯ ᠬᠢᠳᠠᠳ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠲᠤᠰᠬᠠᠢ ᠡᠪᠡᠳᠴᠢᠨ ᠢ ᠤᠨᠤᠰᠢᠯᠠᠨ ᠵᠠᠰᠠᠬᠤ ᠲᠦᠪ ᠪᠤᠯᠤᠨ 7 ᠠᠴᠠ ᠳᠡᠭᠡᠭᠰᠢ ᠤᠷᠤᠨ ᠪᠦᠰᠡ ᠶᠢᠨ ᠮᠤᠩᠭᠤᠯ ᠬᠢᠳᠠᠳ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠲᠤᠰᠬᠠᠢ ᠡᠪᠡᠳᠴᠢᠨ ᠢ ᠤᠨᠤᠰᠢᠯᠠᠨ ᠵᠠᠰᠠᠬᠤ ᠲᠦᠪ ᠢ ᠪᠠᠶᠢᠭᠤᠯᠤᠨ᠎ᠠ᠃ ᠮᠤᠩᠭᠤᠯ ᠬᠢᠳᠠᠳ ᠡᠮᠨᠡᠯᠭᠡ ᠶᠢᠨ ᠡᠷᠡᠬᠦᠯᠵᠢᠯ ᠤᠨ ᠰᠠᠯᠠᠭᠠᠨ ᠤ ᠪᠠᠶᠢᠭᠤᠯᠤᠯᠳᠠ ᠶᠢ ᠴᠢᠩᠭᠠᠳᠬᠠᠵᠦ᠂ ᠵᠢᠯ ᠪᠦᠷᠢ 20 ᠪᠠᠷᠢᠮᠵᠢᠶᠠᠵᠢᠭᠰᠠᠨ᠂ ᠳᠦᠷᠢᠮᠵᠢᠭᠰᠡᠨ ᠮᠤᠩᠭᠤᠯ ᠬᠢᠳᠠᠳ ᠡᠮᠨᠡᠯᠭᠡ ᠶᠢᠨ ᠡᠷᠡᠬᠦᠯᠵᠢᠯ ᠤᠨ ᠲᠠᠰᠤᠭ ᠢ ᠪᠠᠶᠢᠭᠤᠯᠬᠤ ᠶᠢ ᠳᠡᠮᠵᠢᠨ᠎ᠡ᠃ ᠨᠡᠷᠡᠳᠦ ᠡᠮᠴᠢ᠂ ᠨᠡᠷᠡᠳᠦ ᠲᠠᠰᠤᠭ᠂ ᠨᠡᠷᠡᠳᠦ ᠡᠮᠨᠡᠯᠭᠡ ᠬᠡᠬᠦ 《ᠭᠤᠷᠪᠠᠨ ᠨᠡᠷᠡᠳᠦ ᠳᠦᠰᠦᠯ》 ᠢ᠋ ᠬᠦᠨᠵᠡᠭᠡᠢ ᠠᠬᠢᠭᠤᠯᠵᠦ᠂ ᠤᠯᠤᠰ ᠤᠨ ᠤᠳᠠᠴᠢ ᠶᠢᠨ ᠠᠵᠢᠯᠯᠠᠬᠤ ᠲᠠᠰᠤᠭ ᠢ 3᠂ ᠮᠤᠩᠭᠤᠯ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠠᠵᠢᠯᠯᠠᠬᠤ ᠲᠠᠰᠤᠭ ᠢ 5᠂ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠱᠠᠳᠤᠨ ᠤ ᠨᠡᠷᠡᠳᠦ ᠮᠤᠩᠭᠤᠯ ᠬᠢᠳᠠᠳ ᠡᠮ ᠡᠮᠨᠡᠯᠭᠡ ᠶᠢᠨ ᠲᠤᠰᠬᠠᠢ ᠮᠡᠷᠭᠡᠵᠢᠯᠳᠡᠨ ᠤ ᠡᠷᠳᠡᠮ ᠰᠢᠨᠵᠢᠯᠡᠭᠡᠨ ᠤ ᠳᠤᠷᠰᠢᠯᠭ᠎ᠠ ᠶᠢ ᠤᠯᠠᠮᠵᠢᠯᠠᠬᠤ ᠠᠵᠢᠯᠯᠠᠬᠤ ᠲᠠᠰᠤᠭ ᠢ 80 ᠪᠠᠶᠢᠭᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠤᠩᠭ᠋ᠤᠯ ᠬᠡᠯᠡᠨ ᠤ ᠰᠤᠨᠢᠨ ᠮᠡᠳᠡᠬᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119767741