蒙古文网站Logo
ᠰᠢᠨᠬᠤᠸᠠ ᠮᠤᠩᠭ᠋ᠤᠯ ᠨᠧᠲ

ᠡᠪᠤᠯ ᠤᠨ ᠤᠯᠠᠷᠢᠯ  ᠬᠤᠯᠠ ᠬᠦᠶᠤᠬᠦ ᠳᠤ ᠠᠩᠬᠠᠷᠬᠤ ᠵᠦᠢᠯ

2016-10-27 11:39

    ᠬᠤᠯᠠ ᠬᠦᠶᠤᠬᠦ ᠪᠠᠨ ᠪᠠᠷᠢᠮᠳᠠᠯᠠᠭᠠᠳ ᠪᠠᠶᠢᠪᠠᠯ  ᠪᠡᠶ᠎ᠠ ᠮᠠᠬᠠᠪᠤᠳ ᠡᠷᠡᠭᠦᠯ  ᠴᠢᠬᠢᠷᠠᠭ ᠪᠣᠯᠬᠤ ᠨᠢ ᠯᠠᠪᠳᠠᠢ᠃ ᠭᠡᠳᠡᠯ᠎ᠠ ᠠᠷᠭ᠎ᠠ ᠤᠬᠠᠭᠠᠨ ᠵᠦᠢᠳᠠᠢ ᠪᠠᠶᠢᠪᠠᠯ ᠵᠣᠬᠢᠨ᠎ᠠ᠂ ᠡᠪᠤᠯ ᠤᠨ ᠤᠯᠠᠷᠢᠯ ᠳᠤ ᠬᠤᠯᠠ ᠬᠦᠶᠤᠬᠦ ᠳᠤ ᠠᠩᠬᠠᠷᠬᠤ ᠵᠦᠢᠯᠡᠰ ᠢ ᠲᠤᠤᠷ᠎ᠠ ᠲᠠᠨᠢᠯᠴᠠᠭᠤᠯᠤᠶ᠎ᠠ᠃

1. ᠪᠡᠯᠡᠳᠬᠡᠯ ᠠᠵᠢᠯ ᠢ ᠰᠠᠶᠢᠳᠤᠷ ᠬᠢᠬᠦ ᠬᠡᠷᠡᠭᠳᠠᠢ᠃ ᠦᠷᠯᠤᠭᠡ ᠡᠷᠳᠡ ᠬᠦᠶᠤᠬᠦ ᠠᠴᠠ ᠪᠠᠨ ᠡᠮᠤᠨ᠎ᠠ ᠨᠢᠭᠡ ᠴᠤᠮᠤ ᠪᠦᠯᠢᠶᠡᠨ ᠤᠰᠤ ᠤᠤᠭᠤᠵᠤ ᠤᠰᠤ ᠨᠦᠬᠦᠪᠤᠷᠢᠯᠡᠨ ᠴᠢᠰᠤᠨ ᠤ ᠬᠦᠶᠤᠳᠡᠯ ᠢᠶᠠᠨ ᠳᠦᠷᠭᠡᠳᠬᠡᠬᠦ ᠬᠡᠷᠡᠭᠳᠠᠢ᠃ ᠡᠭᠦᠳᠡ ᠭᠠᠷᠬᠤ ᠠᠴᠠ ᠪᠠᠨ ᠡᠮᠤᠨ᠎ᠠ᠂ ᠳᠦᠷᠪᠡᠨ ᠮᠦᠴᠢ᠂ ᠴᠡᠭᠡᠵᠢ᠂ ᠨᠢᠷᠤᠭᠤ᠂ ᠱᠠᠭ᠎ᠠ ᠵᠡᠷᠭᠡ ᠪᠠᠨ ᠰᠠᠶᠢᠳᠤᠷ ᠬᠦᠳᠡᠯᠭᠡᠵᠤ᠂ ᠪᠡᠶ᠎ᠠ ᠳᠠᠮᠢᠷ ᠬᠢᠬᠦ ᠪᠤᠶᠤ ᠠᠭᠠᠵᠢᠮ ᠬᠦᠶᠤᠵᠤ ᠪᠤᠯᠤᠨ᠎ᠠ᠃

2. ᠵᠠᠮ ᠬᠠᠷᠢᠯᠴᠠᠭᠠᠨ ᠤ ᠠᠶᠤᠯᠭᠦᠢ  ᠵᠢ ᠠᠩᠬᠠᠷᠬᠤ ᠬᠡᠷᠡᠭᠳᠠᠢ᠃ ᠵᠠᠰᠠᠮᠠᠯ ᠵᠠᠮ ᠳᠡᠭᠡᠷ᠎ᠠ ᠬᠦᠶᠤᠬᠦ ᠳᠡᠭᠡᠨ ᠵᠠᠮ ᠬᠠᠷᠢᠯᠴᠠᠭᠠᠨ ᠤ ᠠᠶᠤᠯᠬᠦᠢ ᠶᠢ ᠠᠩᠬᠠᠷᠴᠤ᠂ ᠭᠡᠳᠤ ᠳᠦᠷᠭᠡᠨ ᠬᠦᠶᠤᠵᠤ ᠪᠤᠯᠬᠤ ᠦᠭᠡᠢ᠃ ᠬᠤᠯᠠ ᠬᠦᠶᠤᠬᠦ ᠳᠡᠭᠡᠨ ᠮᠦᠴᠢ ᠪᠦᠷᠢ ᠶᠢᠨ ᠠᠵᠢᠯᠯᠠᠭ᠎ᠠ ᠶᠢ ᠵᠤᠬᠢᠴᠠᠩᠭᠤᠢ ᠪᠠᠶᠢᠯᠭᠠᠬᠤ ᠬᠡᠷᠡᠭᠳᠠᠢ᠃

3. ᠠᠮᠠ ᠬᠠᠮᠠᠷ ᠢᠶᠠᠨ ᠵᠡᠷᠭᠡ ᠳᠤᠨᠢ ᠬᠡᠷᠡᠭᠯᠡᠬᠦ ᠬᠡᠷᠡᠭᠳᠠᠢ᠃ ᠬᠠᠮᠠᠷ ᠢᠶᠠᠷ ᠢᠶᠠᠨ ᠠᠮᠢᠰᠬᠤᠭ᠎ᠠ ᠠᠪᠬᠤ ᠨᠢ ᠬᠡᠳᠦ᠋ᠢᠪᠡᠷ ᠠᠭᠠᠷ ᠤᠨ ᠳᠤᠯᠠᠭᠠᠨ ᠤ ᠬᠡᠮᠵᠢᠶ᠎ᠠ ᠪᠠ ᠴᠡᠪᠡᠷ ᠤᠨ ᠬᠡᠮᠵᠢᠶ᠎ᠠ ᠶᠢ ᠪᠠᠳᠤᠯᠠᠬᠤ ᠪᠤᠯᠪᠠᠴᠤ ᠠᠮᠢᠰᠬᠤᠭ᠎ᠠ ᠬᠦᠨ ᠪᠦᠭᠡᠳ ᠳᠦᠷᠭᠡᠨ ᠪᠠᠶᠢᠳᠠᠯ ᠳᠤᠤᠷ᠎ᠠ ᠬᠠᠮᠠᠷ ᠢᠶᠠᠷ ᠢᠶᠠᠨ ᠠᠮᠢᠰᠬᠤᠭ᠎ᠠ ᠠᠪᠬᠤ ᠨᠢ ᠪᠡᠶ᠎ᠠ ᠴᠤᠬᠴᠠᠰ ᠤᠨ ᠬᠡᠷᠡᠭᠴᠡᠭᠡ ᠶᠢ ᠬᠠᠩᠭ᠋ᠠᠵᠤ ᠳᠠᠶᠢᠯᠬᠦ ᠦᠭᠡᠢ ᠶᠤᠮ᠃ ᠡᠨᠡ ᠦᠶᠡᠰ ᠠᠮᠠ ᠬᠠᠮᠠᠷ ᠢᠶᠠᠷ ᠢᠶᠠᠨ ᠵᠡᠷᠭᠡ ᠳᠤᠨᠢ ᠠᠮᠢᠰᠬᠤᠭ᠎ᠠ ᠠᠪᠤᠪᠠᠯ ᠰᠠᠶᠢᠨ ᠃

4. ᠠᠵᠢᠯᠯᠠᠭᠠᠨ ᠤ ᠬᠡᠮᠵᠢᠶ᠎ᠠ ᠪᠠᠨ ᠵᠤᠬᠢᠰ ᠲᠠᠢ ᠪᠠᠶᠢᠯᠭᠠᠬᠤ ᠬᠡᠷᠡᠭᠳᠠᠢ᠃ ᠪᠡᠶ᠎ᠠ ᠶᠠᠳᠠᠷᠠᠬᠤ᠂ ᠢᠳᠡᠰᠢᠨ ᠳᠤᠷᠠᠰᠢᠯ ᠮᠠᠭᠤᠳᠠᠬᠤ᠂ ᠪᠤᠯᠪᠠᠰᠤᠷᠠᠯ ᠳᠤ ᠳᠤᠷ᠎ᠠ ᠦᠭᠡᠶᠢᠴᠡᠬᠦ ᠵᠡᠷᠭᠡ ᠪᠠᠶᠢᠳᠠᠯ ᠭᠠᠷᠪᠠᠯ ᠠᠵᠢᠯᠯᠠᠭ᠎ᠠ ᠭᠡᠳᠤᠷᠡᠭᠰᠡᠨ ᠢ ᠬᠠᠷᠠᠭᠤᠯᠤᠨ᠎ᠠ᠂ ᠡᠶᠢᠮᠤ ᠠᠴᠠ᠂ ᠭᠡᠳᠤ ᠬᠤᠯᠠ ᠬᠦᠶᠤᠵᠤ ᠪᠤᠯᠬᠤ ᠦᠭᠡᠢ᠃

5 ᠴᠠᠰᠤ ᠪᠤᠷᠤᠭᠠᠨ ᠲᠠᠢ ᠡᠳᠤᠷ ᠪᠤᠯ ᠭᠡᠷ ᠳᠤᠳᠤᠷ᠎ᠠ ᠪᠠᠨ ᠪᠡᠶ᠎ᠠ ᠶᠢᠨ ᠪᠤᠯᠪᠠᠰᠤᠷᠠᠯ ᠬᠢᠪᠡᠯ ᠰᠠᠶᠢᠨ᠃ ᠢᠩᠬᠢᠬᠦ ᠨᠢ ᠭᠠᠳᠠᠷ ᠰᠢᠷᠬ᠎ᠠ ᠤᠯᠬᠤ ᠠᠴᠠ ᠰᠡᠷᠭᠡᠶᠢᠯᠡᠵᠤ ᠴᠢᠳᠠᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119798706