蒙古文网站Logo
ᠰᠢᠨᠬᠤᠸᠠ ᠮᠤᠩᠭ᠋ᠤᠯ ᠨᠧᠲ

ᠨᠢᠯᠬ᠎ᠠ ᠬᠡᠤᠬᠡᠳ ᠲᠤ ᠯᠤᠬᠠᠱᠧᠩ ᠪᠠ ᠦᠨᠳᠡᠭᠡ ᠶᠢ ᠡᠷᠲᠡ ᠢᠳᠡᠬᠦᠯᠪᠡᠯ ᠬᠠᠷᠰᠢᠮᠠᠳᠠᠭᠠᠢ ᠪᠤᠯᠬᠤ ᠠᠴᠠ ᠰᠡᠷᠭᠡᠶᠢᠯᠡᠵᠦ ᠴᠢᠳᠠᠨ᠎ᠡ

2016-10-27 11:39

    ᠤᠳᠤᠬᠠᠨ ᠳᠤ ᠬᠡᠤᠭᠡᠳ ᠤᠨ ᠢᠳᠡᠭᠡᠨ ᠳᠤ ᠬᠠᠷᠰᠢᠬᠤ ᠦᠵᠡᠭᠳᠡᠯ ᠡᠳᠦᠷ ᠢᠷᠡᠬᠦᠶ᠎ᠡ ᠤᠯᠠᠰᠢᠷᠠᠵᠤ ᠪᠤᠢ᠃ ᠨᠢᠭᠡ ᠪᠦᠯᠦᠭ ᠭᠡᠷ ᠤᠨ ᠠᠬᠠᠮᠠᠳ ᠤᠨ ᠦᠵᠡᠬᠦ ᠪᠡᠷ ᠂ ᠬᠡᠤᠬᠡᠳ ᠤᠨ ᠢᠳᠡᠭᠡᠨ ᠳᠤ ᠬᠠᠷᠰᠢᠬᠤ ᠦᠵᠡᠭᠳᠡᠯ ᠠᠴᠠ ᠵᠠᠶᠢᠯᠠᠰᠬᠢᠬᠦ ᠭᠡᠪᠡᠯ ᠦᠨᠳᠡᠭᠡ᠂ ᠯᠤᠬᠠᠱᠧᠩ ᠵᠡᠷᠭᠡ ᠬᠠᠷᠰᠢᠮᠠᠳᠠᠭᠠᠢ ᠴᠢᠨᠠᠷ ᠲᠠᠢ ᠢᠳᠡᠭᠡᠨ ᠢ ᠡᠷᠳᠡ ᠢᠳᠡᠬᠦᠯᠬᠦ ᠨᠢ ᠵᠤᠬᠢᠰ ᠦᠭᠡᠢ᠃ ᠭᠡᠪᠡᠴᠦ ᠠᠩᠭ᠍ᠯᠢ ᠶᠢᠨ ᠯᠤᠨᠳᠤᠨ ᠤ ᠡᠵᠡᠨᠲᠤ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠰᠤᠳᠤᠯᠭᠠᠨ ᠤ ᠦᠷ᠎ᠡ ᠳ᠋ᠦᠩ ᠨᠢ ᠡᠬᠦᠨ ᠲᠠᠢ ᠶᠠᠭ ᠡᠰᠡᠷᠬᠦ ᠪᠣᠯᠵᠡᠢ᠃

    ᠰᠤᠳᠤᠯᠭᠠᠲᠠᠨ 146 ᠬᠤᠪᠢ ᠰᠤᠳᠤᠯᠭᠠᠨ ᠤ ᠦᠷ᠎ᠡ ᠳ᠋ᠦᠩ ᠢ ᠵᠠᠳᠠᠯᠤᠭᠠᠳ ᠤᠯᠤᠬᠰᠠᠨ ᠳ᠋ᠦᠡᠭ ᠪᠤᠯ ᠂ ᠨᠢᠯᠬ᠎ᠠ ᠬᠡᠤᠬᠡᠳ ᠤᠨ ᠬᠠᠷᠰᠢᠮᠠᠳᠠᠭᠠᠢ ᠴᠢᠨᠠᠷ ᠲᠠᠢ ᠢᠳᠡᠭᠡᠨ ᠢ ᠠᠩᠬ᠎ᠠ ᠲᠤᠷᠰᠢᠵᠦ ᠢᠳᠡᠬᠦ ᠨᠠᠰᠦ ᠬᠢᠭᠡᠳ ᠢᠳᠡᠭᠡᠨ ᠳᠤ ᠬᠠᠷᠰᠢᠬᠤ ᠬᠡᠮᠵᠢᠶ᠎ᠡ ᠶᠢᠨ ᠬᠤᠭᠤᠷᠤᠨᠲᠦ ᠨᠢᠬᠲᠠ ᠬᠠᠷᠢᠴᠠᠭ᠎ᠠ ᠲᠠᠢ᠄ 4 — 6 ᠰᠠᠷ᠎ᠡ ᠶᠢᠨ ᠬᠤᠭᠤᠴᠠᠭᠠᠨ ᠳᠤ ᠦᠨᠳᠡᠭᠡ ᠢᠳᠡᠬᠦᠯᠪᠡᠯ᠂ ᠦᠨᠳᠡᠭᠡᠨ ᠳᠤ ᠬᠠᠷᠰᠢᠬᠤ ᠨᠤᠷᠮ᠎ᠡ ᠶᠢ ᠲᠦᠷᠪᠡᠨ ᠬᠤᠪᠢ ᠪᠠᠷ ᠪᠠᠭᠤᠷᠠᠭᠤᠯᠵᠦ ᠴᠢᠳᠠᠨ᠎ᠡ᠂ 4 — 11 ᠰᠠᠷ᠎ᠡ ᠶᠢᠨ ᠬᠤᠭᠤᠴᠠᠭᠠᠨ ᠳᠤ ᠯᠤᠬᠠᠱᠧᠩ ᠢᠳᠡᠬᠦᠯᠪᠡᠯ ᠯᠤᠬᠠᠱᠧᠩ ᠬᠠᠷᠰᠢᠬᠤ ᠨᠤᠷᠮ᠎ᠡ ᠶᠢ 70 % ᠪᠡᠷ ᠪᠠᠭᠤᠷᠠᠭᠤᠯᠵᠦ ᠴᠢᠳᠠᠨ᠎ᠡ᠃

    ᠦᠨᠳᠡᠭᠡ᠂ ᠦᠨᠢᠶᠡᠨ ᠰᠦ᠋᠂ ᠰᠢᠷ᠎ᠡ ᠪᠤᠷᠴᠠᠭ᠂ ᠪᠤᠭᠤᠳᠠᠢ᠂ ᠵᠢᠭᠠᠰᠦ᠂ ᠯᠤᠬᠠᠱᠧᠩ ᠵᠡᠷᠭᠡ ᠪᠤᠯ ᠡᠳᠦᠷ ᠲᠤᠳᠤᠮ ᠤᠨ ᠠᠮᠢᠳᠤᠷᠠᠯ ᠳᠤ ᠪᠠᠶᠢᠡᠭᠭᠤ ᠲᠤᠬᠢᠶᠠᠯᠳᠤᠳᠠᠭ ᠠᠮᠠᠷᠬᠠᠨ ᠬᠠᠷᠰᠢᠳᠠᠭ ᠢᠳᠡᠭᠡᠨ ᠮᠦᠨ᠃ ᠲᠤᠰ ᠰᠤᠳᠤᠯᠭᠠᠨ ᠢ ᠬᠠᠷᠢᠭᠤᠴᠠᠬᠰᠡᠨ ᠷᠦᠪᠤᠲ • ᠪᠤᠶᠢᠷ ᠳ᠋ᠤᠺᠲ᠋ᠤᠷ ᠤᠨ ᠬᠡᠯᠡᠬᠦ ᠪᠠᠷ᠂ ᠨᠢᠯᠬ᠎ᠠ ᠬᠡᠤᠬᠡᠳ ᠲᠤ ᠯᠤᠬᠠᠱᠧᠩ᠂ ᠦᠨᠳᠡᠭᠡ ᠵᠡᠷᠭᠡ ᠢᠳᠡᠭᠡᠨ ᠢ ᠡᠷᠲᠡ ᠠᠴᠠ ᠢᠳᠡᠭᠦᠯᠪᠡᠯ ᠬᠤᠳᠣᠭᠤᠲᠦ ᠭᠡᠳᠡᠰᠦᠨ ᠤ ᠦᠯᠦ ᠬᠠᠯᠳᠠᠭᠠᠬᠤ ᠴᠢᠨᠠᠷ ᠢ ᠪᠠᠭᠤᠷᠠᠭᠤᠯᠬᠤ ᠮᠠᠭᠠᠳ᠂ ᠢᠩᠬᠢᠭ᠍ᠰᠡᠨ ᠢᠶᠡᠷ ᠬᠠᠷᠰᠢᠬᠤ ᠨᠤᠷᠮ᠎ᠡ ᠶᠢ ᠪᠠᠭᠤᠷᠠᠭᠤᠯᠵᠦ ᠴᠢᠳᠠᠨ᠎ᠡ᠃

    ᠭᠡᠪᠡᠴᠦ ᠰᠤᠳᠤᠯᠭᠠᠲᠠᠨ ᠤ ᠰᠠᠨᠠᠭᠤᠯᠤᠬᠰᠡᠨ ᠢᠶᠠᠷ᠂ ᠨᠢᠯᠬ᠎ᠠ ᠬᠡᠤᠬᠡᠳ ᠲᠤ ᠯᠤᠬᠠᠱᠧᠩ ᠢᠳᠡᠭᠦᠯᠬᠦ ᠳᠡᠭᠡᠨ ᠡᠷᠬᠡᠪᠰᠢ ᠨᠢᠴᠠᠯᠠᠵᠦ ᠢᠳᠡᠭᠦᠯᠬᠦ ᠬᠡᠷᠡᠭᠲᠡᠢ᠂ ᠡᠰᠡ ᠲᠡᠭᠡᠪᠡᠯ ᠬᠠᠬᠠᠬᠤ ᠠᠶᠤᠯ ᠲᠠᠢ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119798719