蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠬᠦᠰᠡᠬᠦᠢ ᠮᠤᠩᠭᠤᠯ ᠡᠮᠨᠡᠯᠬᠡ ᠰᠡᠳᠬᠦᠯᠴᠢᠳ ᠲᠤ ᠡᠷᠡᠬᠦᠯ ᠮᠡᠨᠳᠦ ᠶᠢᠨ ᠦᠵᠡᠯᠬᠡ ᠬᠢᠯ᠎ᠠ

2016-11-08 18:52

    ᠰᠢᠨᠬᠤᠧᠠ ᠮᠤᠩᠭᠤᠯ ᠨᠧᠲ   ᠬᠦᠬᠡᠬᠤᠳᠠ ᠶᠢᠨ 11 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠬᠡ (ᠪᠤᠯᠤᠷᠴᠡᠴᠡᠭ) ᠳᠤᠰ ᠡᠳᠦᠷ᠂ ᠮᠠᠨ ᠤ ᠤᠯᠤᠰ ᠤᠨ ᠠᠷᠪᠠᠨ ᠳᠤᠯᠤᠳᠤᠭᠠᠷ ᠤᠳᠠᠭᠠᠨ ᠤ ᠰᠡᠳᠬᠦᠯᠴᠢᠳ ᠤᠨ ᠪᠠᠶᠠᠷ ᠲᠤ ᠳᠤᠬᠢᠶᠠᠯᠳᠤᠭᠤᠯᠤᠨ ᠦᠪᠦᠷ ᠮᠤᠩᠭᠤᠯ ᠤᠨ ᠬᠦᠰᠡᠬᠦᠢ ᠮᠤᠩᠭᠤᠯ ᠡᠮᠨᠡᠯᠬᠡ ᠬᠦᠬᠡᠬᠤᠳᠠ ᠳᠤ ᠪᠠᠶᠢᠭ᠎ᠠ ᠬᠡᠪᠯᠡᠯ ᠮᠡᠳᠡᠬᠡᠯᠡᠯ ᠤᠨ ᠪᠠᠶᠢᠭᠤᠯᠭ᠎ᠠ ᠶᠢᠨ ᠰᠡᠳᠬᠦᠯᠴᠢᠳ ᠲᠤ ᠡᠷᠡᠬᠦᠯ ᠮᠡᠨᠳᠦ ᠶᠢᠨ ᠳᠦᠯᠦᠪᠦᠷᠢ ᠦᠬᠡᠢ ᠦᠵᠡᠯᠬᠡ ᠬᠢᠵᠤ᠂ ᠪᠠᠶᠠᠷ ᠤᠨ ᠡᠳᠦᠷ ᠢ ᠨᠢ ᠤᠳᠬ᠎ᠠ ᠳᠡᠬᠦᠯᠳᠡᠷ ᠳᠡᠮᠳᠡᠭᠯᠡᠯ᠎ᠡ᠃ ᠡᠮᠨᠡᠯᠬᠡ ᠨᠢ ᠳᠤᠰ ᠠᠵᠢᠯᠯᠠᠭ᠎ᠠ ᠪᠡᠨ 11 ᠰᠠᠷ᠎ᠠ ᠶᠢᠨ 8 ᠡᠴᠡ 30 ᠤ ᠡᠳᠦᠷ ᠪᠤᠯᠳᠠᠯ᠎ᠠ ᠦᠷᠬᠦᠯᠵᠢᠯᠡᠬᠦᠯᠵᠤ᠂ ᠡᠳᠦᠷ ᠪᠦᠷᠢ ᠨᠢᠬᠡ ᠰᠡᠳᠬᠦᠯᠴᠢ ᠳᠤ ᠬᠠᠮᠠᠷ ᠤᠨ ᠦᠷᠪᠢᠰᠦᠯ ᠤᠨ ᠵᠠᠰᠠᠯ ᠬᠢᠬᠦ ᠪᠠ 140 ᠠᠬᠠᠮᠠᠳ ᠰᠡᠳᠬᠦᠯᠴᠢ ᠳᠤ ᠳᠤᠳᠠᠮᠠᠭ ᠡᠷᠡᠬᠦᠯ ᠮᠡᠨᠳᠦ ᠶᠢᠨ ᠡᠮᠴᠢᠯᠡᠬᠡ ᠬᠢᠵᠤ ᠦᠭᠬᠦ ᠶᠤᠮ ᠪᠠᠶᠢᠨ᠎ᠠ᠃

    ᠦᠪᠦᠷ ᠮᠤᠩᠭᠤᠯ ᠤᠨ ᠬᠦᠰᠡᠬᠦᠢ ᠮᠤᠩᠭᠤᠯ ᠡᠮᠨᠡᠯᠬᠡ ᠨᠢ 2016 ᠤᠨ ᠤ 3 ᠰᠠᠷ᠎ᠠ ᠳᠤ 3000 ᠺᠦᠧᠠᠲ ᠮᠧᠲ᠋ᠷ ᠳᠠᠯᠠᠪᠠᠢ ᠲᠠᠢ ᠪᠡᠷ ᠪᠠᠶᠢᠭᠤᠯᠤᠭᠳᠠᠭᠰᠠᠨ ᠮᠤᠩᠭᠤᠯ ᠡᠮ ᠡᠮᠨᠡᠯᠬᠡ ᠶᠢᠨ ᠤᠯᠠᠮᠵᠢᠯᠠᠯᠳᠤ ᠵᠠᠰᠠᠯ ᠢᠶᠡᠷ ᠡᠷᠡᠬᠦᠯᠵᠢᠬᠦᠯᠬᠦ ᠪᠤᠶᠤ ᠡᠷᠡᠬᠦᠯ ᠮᠡᠨᠳᠦ ᠶᠢᠨ ᠦᠵᠡᠯᠬᠡ ᠬᠢᠳᠡᠭ ᠳᠤᠰᠬᠠᠢ ᠮᠤᠩᠭᠤᠯ ᠡᠮᠨᠡᠯᠬᠡ ᠪᠤᠯᠬᠤ ᠶᠤᠮ᠃ ᠤᠬᠤᠷᠬᠠᠨ ᠬᠠᠭᠠᠰ ᠵᠢᠯ ᠤᠨ ᠬᠤᠭᠤᠴᠠᠭᠠᠨ ᠳᠤ ᠳᠤᠰ ᠡᠮᠨᠡᠯᠬᠡ ᠨᠢ 80 ᠭᠠᠷᠤᠢ ᠡᠮᠴᠢ ᠠᠵᠢᠯᠳᠠᠨ ᠲᠠᠢ ᠪᠤᠯᠵᠤ᠂ ᠬᠡᠷ ᠬᠤᠷᠢᠶᠠᠯᠠᠯ ᠳᠤ ᠬᠦᠷᠴᠤ ᠠᠬᠠᠮᠠᠳ ᠨᠠᠰᠤᠳᠠᠶᠢᠴᠤᠤᠯ ᠳᠤ ᠡᠷᠡᠬᠦᠯ ᠮᠡᠨᠳᠦ ᠶᠢᠨ ᠳᠦᠯᠦᠪᠦᠷᠢ ᠦᠬᠡᠢ ᠦᠵᠡᠯᠬᠡ ᠬᠢᠬᠦ᠂ ᠤᠷᠠᠨ ᠵᠢᠷᠤᠭ ᠤᠨ ᠦᠵᠡᠰᠬᠦᠯᠡᠩ ᠡᠷᠬᠢᠯᠡᠵᠤ ᠡᠪᠡᠳᠴᠢᠳᠡᠨ ᠳᠤ ᠪᠡᠨ ᠮᠦᠩᠬᠦ ᠳᠦᠬᠦᠷᠢᠭ ᠬᠠᠨᠳᠢᠪᠯᠠᠬᠤ ᠵᠡᠷᠬᠡ ᠨᠡᠶᠢᠬᠡᠮ ᠤᠨ ᠠᠵᠢᠯᠯᠠᠭ᠎ᠠ ᠤᠯᠠᠨ ᠵᠤᠬᠢᠶᠠᠨ ᠪᠠᠶᠢᠭᠤᠯᠵᠠᠢ᠃

ᠦᠪᠦᠷ ᠮᠤᠩᠭᠤᠯ ᠤᠨ ᠬᠦᠰᠡᠬᠦᠢ ᠮᠤᠩᠭᠤᠯ ᠡᠮᠨᠡᠯᠬᠡ ᠶᠢ ᠡᠬᠦᠰᠬᠡᠨ ᠪᠠᠶᠢᠭᠤᠯᠤᠭᠴᠢ ᠪᠦᠬᠡᠰᠤᠳᠤ (ᠵᠢᠷᠤᠭ ᠢ ᠦᠪᠦᠷ ᠮᠤᠩᠭ᠋ᠤᠯ ᠤᠨ ᠡᠳᠦᠷ ᠤᠨ ᠰᠤᠨᠢᠨ ᠤ ᠰᠤᠷᠪᠤᠯᠵᠢᠯᠠᠭᠴᠢ ᠵᠢᠨ ᠴᠢᠤᠧᠠᠨ)

ᠰᠡᠳᠬᠦᠯᠴᠢ ᠳᠤ ᠡᠷᠡᠬᠦᠯ ᠮᠡᠨᠳᠦ ᠶᠢᠨ ᠳᠦᠯᠦᠪᠦᠷᠢ ᠦᠬᠡᠢ ᠦᠵᠡᠯᠬᠡ ᠬᠢᠨ᠎ᠡ(ᠵᠢᠷᠤᠭ ᠢ ᠦᠪᠦᠷ ᠮᠤᠩᠭ᠋ᠤᠯ ᠤᠨ ᠡᠳᠦᠷ ᠤᠨ ᠰᠤᠨᠢᠨ ᠤ ᠰᠤᠷᠪᠤᠯᠵᠢᠯᠠᠭᠴᠢ ᠵᠢᠨ ᠴᠢᠤᠧᠠᠨ)

ᠰᠡᠳᠬᠦᠯᠴᠢ ᠳᠤ ᠡᠷᠡᠬᠦᠯ ᠮᠡᠨᠳᠦ ᠶᠢᠨ ᠳᠦᠯᠦᠪᠦᠷᠢ ᠦᠬᠡᠢ ᠦᠵᠡᠯᠬᠡ ᠬᠢᠨ᠎ᠡ

ᠰᠡᠳᠬᠦᠯᠴᠢ ᠳᠤ ᠡᠷᠡᠬᠦᠯ ᠮᠡᠨᠳᠦ ᠶᠢᠨ ᠳᠦᠯᠦᠪᠦᠷᠢ ᠦᠬᠡᠢ ᠦᠵᠡᠯᠬᠡ ᠬᠢᠨ᠎ᠡ

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119874881