蒙古文网站Logo
ᠰᠢᠨᠬᠤᠸᠠ ᠮᠤᠩᠭ᠋ᠤᠯ ᠨᠧᠲ

ᠳᠡᠯᠡᠬᠡᠢ ᠶᠢᠨ ᠴᠢᠰᠦᠨ ᠳᠠᠷᠦᠯᠲᠠ ᠦᠨᠳᠦᠷ ᠬᠦᠮᠦᠨ 11 ᠳ᠋ᠦᠩᠰᠢᠭᠤᠷ ᠢ ᠳᠠᠪᠠᠵᠡᠢ

2016-11-17 16:31

    ᠰᠢᠨᠬᠤᠧᠠ ᠬᠣᠷᠢᠶ᠎ᠠ ᠯᠤᠨᠳᠤᠨ ᠤ 11 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠠᠩ ᠵᠢᠶᠠ ᠸᠸᠢ) ᠲᠦᠷᠦᠭᠦᠬᠡᠨ ᠤᠯᠠᠨ ᠤᠯᠤᠰ ᠤᠨ ᠨᠢᠬᠡᠨ ᠪᠠᠭ ᠠᠩᠭ᠍ᠯᠢ ᠶᠢᠨ《 ᠬᠠᠨᠠᠭᠤᠷ ᠬᠢᠳᠤᠭ᠎ᠠ 》ᠰᠡᠳᠭᠦᠯ ᠳᠤ ᠮᠡᠳᠡᠭᠡᠯᠡᠯ ᠨᠡᠶᠢᠲᠠᠯᠠᠵᠤ᠂ 2015 ᠤᠨ ᠪᠤᠯᠬᠤ ᠳᠤ ᠲᠡᠯᠡᠬᠡᠢ ᠶᠢᠨ ᠴᠢᠰᠦᠨ ᠳᠠᠷᠦᠯᠲᠠ ᠦᠨᠳᠦᠷ ᠬᠦᠮᠦᠨ 11.3 ᠳ᠋ᠦᠩᠰᠢᠭᠤᠷ ᠬᠦᠷᠴᠡᠢ ᠬᠡᠵᠡᠢ᠃ ᠡᠬᠦᠨ ᠳᠤ ᠳᠤᠮᠳᠠ ᠡᠴᠡ ᠲᠤᠤᠷ᠎ᠠ ᠤᠷᠤᠯᠭ᠎ᠠ ᠲᠠᠢ ᠤᠯᠤᠰ ᠤᠨ ᠴᠢᠰᠦᠨ ᠳᠠᠷᠦᠯᠲᠠ ᠦᠨᠳᠦᠷ ᠬᠦᠮᠦᠨ ᠨᠢ ᠮᠡᠳᠡᠭᠳᠡᠮ᠎ᠠ ᠨᠡᠮᠡᠭᠳᠡᠵᠡᠢ᠃

    2015 ᠤᠨ ᠬᠦᠷᠳᠡᠯ᠎ᠠ ᠺᠤᠷᠢᠶᠠ᠂ ᠠᠮᠧᠷᠢᠺᠠ ᠪᠤᠯᠤᠨ ᠺᠠᠨᠠᠳᠠ ᠶᠢᠨ ᠴᠢᠰᠦᠨ ᠳᠠᠷᠤᠯᠲᠠ ᠦᠨᠳᠦᠷ ᠬᠦᠮᠦᠨ ᠤ ᠬᠠᠷᠢᠴᠠᠯ ᠨᠢ ᠳᠡᠯᠡᠬᠡᠢ ᠶᠢᠨ ᠬᠠᠮᠤᠭ ᠤᠨ ᠳᠤᠤᠷ᠎᠎ᠠ ᠪᠣᠯᠪᠠ᠃ 2015 ᠤᠨ ᠳᠤ ᠳᠡᠯᠡᠬᠡᠢ ᠶᠢᠨ ᠴᠢᠰᠦᠨ ᠳᠠᠷᠤᠯᠲᠠ ᠦᠨᠳᠦᠷ ᠬᠦᠮᠦᠨ ᠤ ᠬᠠᠭᠠᠰ ᠡᠴᠡ ᠢᠯᠡᠭᠦᠦ ᠨᠢ ᠠᠽᠢᠶ᠎ᠠ ᠲᠢᠪ ᠲᠤ ᠤᠷᠤᠰᠢᠨ ᠰᠠᠭᠤᠵᠤ ᠪᠤᠢ᠂ ᠡᠭᠦᠨ ᠳᠤ ᠳᠤᠮᠳᠠᠳᠤ ᠤᠯᠤᠰ ᠲᠤ ᠪᠠᠷᠤᠭ 2.26 ᠳ᠋ᠦᠩᠰᠢᠭᠤᠷ ᠬᠦᠮᠦᠨ ᠂ ᠡᠨᠡᠳᠭᠡᠭ᠌ ᠲᠦ 2 ᠳ᠋ᠦᠩᠰᠢᠭᠤᠷ ᠬᠦᠮᠦᠨ ᠬᠦᠷᠴᠡᠢ᠃

ᠢᠷᠡᠯᠳᠡ᠄ ᠰᠢᠨᠬᠤᠧᠠ ᠬᠣᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119934734