蒙古文网站Logo
ᠰᠢᠨᠬᠤᠸᠠ ᠮᠤᠩᠭ᠋ᠤᠯ ᠨᠧᠲ

ᠵᠢᠷᠭᠤᠭᠠᠨ ᠵᠦᠢᠯ ᠤᠨ ᠢᠳᠡᠭᠡᠨ ᠰᠢᠬᠢᠷ ᠰᠢᠵᠢᠩ ᠡᠪᠡᠳᠴᠢᠨ ᠢ ᠰᠡᠷᠭᠡᠶᠢᠯᠡᠵᠤ ᠴᠢᠳᠠᠨ᠎ᠠ

2016-11-18 16:05

    ᠠᠮᠧᠷᠢᠺᠠ ᠶᠢᠨ ᠡᠷᠡᠭᠦᠯ ᠮᠡᠨᠳᠤ ᠶᠢᠨ ᠡᠮᠴᠢᠯᠡᠭᠡᠨ ᠤ ᠵᠦᠭᠯᠡᠭᠦᠷ ᠰᠦᠯᠵᠢᠶ᠎ᠠ ᠤᠶᠢᠷ᠎ᠠ ᠳᠤ ᠰᠢᠬᠢᠷ ᠰᠢᠵᠢᠩ ᠡᠪᠡᠳᠴᠢᠨ ᠢ ᠰᠡᠷᠬᠡᠶᠢᠯᠡᠬᠦ ᠳᠤ ᠲᠤᠰᠠᠲᠠᠢ ᠵᠢᠷᠭᠤᠭᠠᠨ ᠵᠦᠢᠯ ᠤᠨ ᠢᠳᠡᠭᠡᠨ ᠢ ᠲᠠᠨᠢᠯᠴᠠᠭᠤᠯᠵᠡᠢ᠃

    ᠬᠠᠳᠠᠨ ᠪᠠᠳᠬ᠎ᠠ᠄ ᠪᠠᠶᠢᠴᠠᠭᠠᠯᠲᠠ ᠳᠤ ᠢᠯᠡᠷᠡᠭᠦᠯᠤᠭ᠍ᠰᠡᠨ ᠢᠶᠡᠷ᠂ ᠭᠠᠷᠠᠭ ᠪᠦᠷᠢ 160 ᠭᠷᠠᠮ ᠡᠰᠡᠭᠦᠯ᠎ᠠ ᠨᠡᠩ ᠤᠯᠠᠨ ᠬᠠᠳᠠᠨ ᠪᠠᠳᠬ᠎ᠠ ᠢᠳᠡᠳᠡᠭ ᠬᠦᠮᠤᠨ ᠰᠢᠬᠢᠷ ᠰᠢᠵᠢᠩ ᠡᠪᠡᠳᠴᠢᠨ ᠣᠯᠬᠤ ᠨᠤᠷᠮ᠎ᠠ ᠶᠢ 23% ᠪᠡᠷ ᠪᠠᠭᠤᠷᠠᠭᠤᠯᠳᠠᠭ᠃

    ᠨᠤᠭᠤᠭᠠᠨ ᠴᠠᠢ᠄ ᠬᠤᠯᠠᠨᠳ᠋ ᠤᠨ ᠰᠤᠳᠤᠯᠭᠠᠲᠠᠳ ᠤᠨ ᠢᠯᠡᠷᠡᠭᠦᠯᠦᠭᠰᠡᠨ ᠢᠶᠡᠷ᠂ ᠡᠳᠦᠷ ᠪᠦᠷᠢ 3 ᠴᠤᠮᠤ ᠨᠤᠭᠤᠭᠠᠨ ᠴᠠᠢ ᠤᠤᠭᠤᠪᠠᠯ ᠴᠢᠰᠤᠨ ᠰᠢᠬᠢᠷ ᠤᠨ ᠲᠤᠭᠳᠠᠭᠤᠨ ᠢ ᠪᠠᠲᠤᠯᠠᠵᠤ᠂ ᠬᠤᠶᠠᠳᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠣᠯᠬᠤ ᠨᠤᠷᠮ᠎ᠠ  ᠶᠢ 40% ᠪᠡᠷ ᠪᠠᠭᠤᠷᠠᠭᠤᠯᠤᠨ᠎ᠠ᠃

    ᠬᠠᠷ᠎ᠠ ᠴᠤᠺᠤᠯᠠᠳ᠋᠄ ᠬᠠᠷ᠎ᠠ ᠴᠤᠺᠤᠯᠠᠳ᠋ ᠢᠳᠡᠪᠡᠯ ᠨᠤᠶᠢᠷ ᠤᠨ ᠠᠷᠠᠯ ᠤᠨ ᠡᠳ᠋ ᠤᠨ ᠰᠡᠷᠭᠡᠭ᠌ ᠴᠢᠨᠠᠷ ᠢ ᠰᠠᠶᠢᠵᠢᠷᠠᠭᠤᠯᠳᠠᠭ᠃ ᠰᠢᠬᠢᠷ ᠰᠢᠵᠢᠩ ᠡᠪᠡᠳᠴᠢᠨ ᠤ ᠲᠤᠰᠬᠠᠢ ᠮᠡᠷᠭᠡᠯᠵᠢᠲᠠᠳ᠂ ᠰᠢᠬᠢᠷ ᠰᠢᠵᠢᠩ ᠡᠪᠡᠳᠴᠢᠲᠡᠨ ᠡᠳᠦᠷ ᠪᠦᠷᠢ ᠬᠤᠶᠠᠷ ᠬᠡᠰᠡᠭ ᠬᠠᠷ᠎ᠠ ᠴᠤᠺᠤᠯᠠᠳ᠋ ᠢᠳᠡᠵᠤ ᠪᠤᠯᠤᠨ᠎ᠠ᠂ ᠬᠡᠪᠡᠴᠤ ᠬᠡᠮᠵᠢᠶ᠎ᠠ ᠡᠴᠡ ᠬᠡᠲᠤᠷᠡᠭᠦᠯᠵᠤ ᠪᠤᠯᠬᠤ ᠦᠬᠡᠢ ᠬᠡᠵᠤ ᠰᠠᠨᠠᠭᠤᠯᠵᠡᠢ᠃

    ᠼᠤᠤ᠄ ᠬᠤᠭᠤᠯᠠᠨ ᠡᠴᠡ ᠡᠮᠦᠨ᠎ᠠ 2 ᠬᠠᠯᠪᠠᠭ᠎ᠠ ᠼᠤᠤ ᠤᠤᠭᠤᠪᠠᠯ ᠰᠢᠬᠢᠷ ᠰᠢᠵᠢᠩ ᠡᠪᠡᠳᠴᠢᠲᠠᠨ ᠤ ᠴᠢᠰᠦᠨ ᠰᠢᠬᠢᠷ ᠢ 25% ᠪᠡᠷ ᠪᠠᠭᠤᠷᠠᠭᠤᠯᠵᠤ᠂ ᠡᠬᠢᠨ ᠤ ᠦᠶ᠎ᠠ ᠶᠢᠨ ᠰᠢᠬᠢᠷ ᠰᠢᠵᠢᠩ ᠡᠪᠡᠳᠴᠢᠲᠠᠨ ᠤ ᠴᠢᠰᠦᠨ ᠰᠢᠬᠢᠷ ᠢ 50% ᠪᠡᠷ ᠪᠠᠭᠤᠷᠠᠭᠤᠯᠳᠠᠭ᠃

    ᠬᠠᠳᠠᠭᠤ ᠵᠢᠮᠢᠰ᠄ 《ᠰᠢᠬᠢᠷ ᠰᠢᠵᠢᠩ ᠡᠪᠡᠳᠴᠢᠨ ᠤ ᠰᠣᠪᠢᠯᠠᠯᠲᠠ 》 ᠰᠡᠳᠭᠦᠯ ᠳᠤ ᠨᠠᠶᠢᠲᠠᠯᠠᠭᠰᠠᠨ  ᠢᠶᠡᠷ᠂ ᠡᠳᠦᠷ ᠪᠦᠷᠢ ᠬᠤᠯᠢᠮᠠᠭ ᠬᠠᠳᠠᠭᠤ ᠵᠢᠮᠢᠰ (ᠪᠠᠷᠤᠭ 57 ᠭᠷᠠᠮ) ᠢᠶᠡᠷ ᠰᠢᠬᠢᠷ ᠦᠬᠡᠢ ᠲᠠᠯᠬ᠎ᠠ ᠶᠢ ᠤᠷᠤᠯᠠᠭᠤᠯᠪᠠᠯ ᠬᠤᠶᠠᠳᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠲᠠᠨ ᠤ ᠴᠢᠰᠤᠨ ᠳᠠᠷᠤᠯᠲᠠ ᠪᠤᠯᠤᠨ ᠳᠤᠤᠷ᠎ᠠ ᠨᠢᠬᠲᠠᠴᠠᠲᠤ ᠥᠬᠡᠭᠦᠨ ᠤ ᠠᠭᠤᠯᠤᠭᠳᠠᠴᠠ ᠨᠢ ᠪᠦᠷ ᠳᠤᠷᠤᠭᠰᠢᠯᠠᠳᠠᠭ᠃ ᠰᠢᠬᠢᠷ ᠰᠢᠵᠢᠩ ᠡᠪᠡᠳᠴᠢᠲᠠᠨ ᠳᠤ ᠠᠪᠴᠤ ᠬᠡᠯᠡᠪᠡᠯ᠂ ᠬᠤᠰᠢᠭ᠎ᠠ ᠪᠣᠯ ᠬᠠᠮᠤᠭ ᠤᠨ ᠡᠷᠭᠦᠯ ᠮᠡᠨᠳᠤ ᠢᠳᠡᠭᠡᠨ ᠪᠤᠯᠤᠨ᠎ᠠ᠃

    ᠺᠤᠹᠧ᠌᠄ ᠡᠳᠦᠷ ᠪᠦᠷᠢ 3-4 ᠴᠤᠮᠤ ᠺᠤᠹᠧ᠌ ᠤᠤᠭᠤᠪᠠᠯ ᠬᠤᠶᠠᠳᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭ᠍ᠳᠡᠬᠦ ᠨᠤᠷᠮ᠎ᠠ ᠶᠢ 25% ᠪᠷ ᠪᠠᠭᠤᠷᠠᠭᠤᠯᠤᠨ᠎ᠠ᠃

ᠢᠷᠡᠯᠳᠡ᠄ ᠬᠢᠩᠭ᠋ᠠᠨ ᠤ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119942632