蒙古文网站Logo
ᠰᠢᠨᠬᠤᠸᠠ ᠮᠤᠩᠭ᠋ᠤᠯ ᠨᠧᠲ

ᠡᠮᠡᠭᠳᠡᠢ  ᠶᠢᠨ ᠭᠠᠩᠰᠠᠷᠠᠬᠤ ᠭᠡᠮ ᠤᠯᠬᠤ ᠨᠤᠷᠮ᠎ᠡ ᠡᠷᠡᠭᠳᠡᠢ ᠡᠴᠡ ᠬᠤᠶᠠᠷ ᠲᠠᠬᠢᠨ ᠦᠨᠳᠦᠷ

2016-11-29 17:08

    ᠡᠪᠤᠯ ᠤᠨ ᠤᠯᠠᠷᠢᠯ ᠳ᠋ᠦ ᠭᠠᠩᠰᠠᠷᠠᠬᠤ ᠰᠡᠳᠬᠢᠯᠭᠡ ᠠᠮᠠᠷᠬᠠᠨ ᠡᠬᠦᠰᠳᠡᠭ ᠂ ᠡᠭᠦᠨ ᠳᠤ ᠨᠠᠰᠤᠨ  ᠳᠤ ᠬᠥᠷᠦᠭᠰᠡᠨ ᠡᠮᠡᠭᠳᠡᠢ ᠵᠢᠨ‌ ᠡᠪᠡᠳᠴᠢᠯᠡᠬᠦ ᠨᠤᠷᠮ᠎ᠠ ᠨᠢ ᠡᠷᠡᠭᠳᠠᠢ  ᠶᠢᠨ ᠡᠪᠡᠳᠴᠢᠯᠡᠬᠦ ᠨᠤᠷᠮ᠎ᠠ  ᠡᠴᠡ ᠬᠤᠶᠠᠷ ᠲᠠᠬᠢᠨ ᠦᠨᠳᠤᠷ ᠪᠠᠶᠢᠳᠠᠭ ᠃ ᠬᠡᠳᠦ᠋ᠢᠪᠡᠷ ᠭᠠᠩᠰᠠᠷᠠᠬᠤ ᠭᠡᠮ ᠨᠢ ᠬᠦᠮᠦᠰ ᠲᠤ ᠤᠯᠠᠮ  ᠢᠶᠡᠷ ᠠᠩᠬᠠᠷᠤᠭᠳᠠᠵᠤ ᠪᠠᠶᠢᠭ᠎ᠠ ᠪᠤᠯᠪᠠᠴᠤ ᠪᠠᠶᠢᠴᠠᠭᠠᠯᠳᠠ  ᠳᠤ ᠢᠯᠡᠷᠡᠬᠦᠯᠦᠭᠰᠡᠨ  ᠨᠢ᠂ ᠪᠠᠷᠤᠬ‌ ᠬᠠᠭᠠᠰ ᠰᠢᠬᠠᠮ ᠤᠨ ᠪᠠᠶᠢᠴᠠᠭᠠᠯᠳᠠ ᠬᠥᠯᠢᠶᠡᠭᠴᠢ ᠭᠠᠩᠰᠠᠷᠠᠬᠤ ᠭᠡᠮ ᠳᠤ  ᠨᠡᠷᠪᠡᠭ᠍ᠳᠡᠭᠰᠡᠨ ᠴᠤ ᠡᠮᠴᠢ  ᠳᠤ ᠤᠴᠢᠵᠤ ‌ᠡᠮᠨᠡᠬᠦᠯᠬᠦ ᠦᠭᠡᠢ ᠭᠡᠵᠤ ᠢᠯᠡᠷᠭᠡᠶᠢᠯᠡᠵᠤ ᠪᠠᠶᠢᠪᠠ᠃

    ᠪᠡᠭᠡᠵᠢᠩ ᠬᠤᠳᠠ ᠶᠢᠨ ᠡᠷᠡᠬᠦᠯ ᠬᠠᠮᠠᠭᠠᠯᠠᠯ ᠪᠠ ᠲᠦᠯᠤᠪᠯᠡᠭᠡᠳᠤ ᠦᠷᠡᠵᠢᠯ ᠤᠨ ᠵᠦᠪᠯᠡᠯ ᠤᠨ ᠰᠤᠨᠢᠨ‌ ᠮᠡᠳᠡᠭᠡᠨ ᠤ ᠦᠬᠦᠯᠡᠭᠴᠢ ᠭᠤᠤ ᠰᠢᠶᠤᠤ ᠵᠢᠶᠦ᠋ᠨ ᠲᠠᠨᠢᠯᠴᠠᠭᠤᠯᠬᠤ ᠳᠠᠭᠠᠨ᠂ ᠲᠡᠯᠡᠭᠡᠢ  ᠶᠢᠨ ᠡᠷᠡᠬᠦᠯ ᠬᠠᠮᠠᠭᠠᠯᠠᠯ ᠤᠨ ᠪᠠᠶᠢᠭᠤᠯᠤᠯᠭ᠎ᠠ ᠶᠢᠨ ᠪᠦᠷᠢᠳᠭᠡᠭ᠍ᠰᠡᠨ ᠢᠶᠠᠷ᠂ ᠤᠳᠤᠬᠠᠨ ᠳᠤ ᠭᠠᠩᠰᠠᠷᠠᠬᠤ ᠭᠡᠮ  ᠨᠢ ᠨᠢᠭᠡᠨᠳᠡ ᠲᠡᠯᠡᠭᠡᠢ  ᠶᠢᠨ ᠭᠤᠷᠪᠠᠳᠤᠭᠠᠷ ᠬᠦᠨᠳᠤ ᠲᠠᠷᠤᠭᠠᠰᠤᠳᠦ ‌‍ ᠡᠪᠡᠳᠴᠢᠨ᠂ ᠳᠤᠮᠳᠠᠳᠤ ᠤᠯᠤᠰ ᠤᠨ ᠬᠤᠶᠠᠳᠤᠭᠠᠷ ᠬᠥᠨᠳᠤ ᠲᠠᠷᠤᠭᠠᠰᠤᠳᠦ ᠡᠪᠡᠳᠴᠢᠨ‌‍ ᠪᠤᠯᠵᠤ᠂ 2030 ᠤᠨ ᠪᠤᠯᠬᠤ ᠳᠤ ᠲᠡᠷᠢᠬᠦᠨ ᠳᠤ ᠪᠠᠶᠢᠷᠢᠰᠢᠨ᠎ᠠ ᠬᠡᠵᠤ ᠪᠠᠷᠤᠭᠴᠠᠭᠠᠯᠠᠵᠡᠢ᠃ ᠤᠶᠢᠯᠠᠭᠠᠭᠰᠠᠨ ᠢᠶᠡᠷ᠂ ᠤᠳᠤᠬᠠᠨ ᠳᠤ ᠳᠤᠮᠳᠠᠳᠤ ᠤᠯᠤᠰ ᠤᠨ ᠨᠢᠭᠡᠨᠳᠡ ᠤᠨᠤᠰᠢᠯᠠᠭᠰᠠᠨ ᠭᠠᠩᠰᠠᠷᠠᠬᠤ ᠭᠡᠮ ᠤᠨ ᠡᠪᠡᠳᠴᠢᠳᠠᠨ ᠪᠠᠷᠤᠬ 3000 ᠲᠦᠮᠨ ᠬᠦᠮᠦᠨ‌‍ ᠪᠠᠶᠢᠵᠤ᠂ ᠨᠠᠰᠤᠨ ᠳᠤ ᠬᠥᠷᠦᠭᠰᠡᠨ ᠡᠮᠡᠭᠳᠡᠢ ᠶᠢᠨ ᠡᠪᠡᠳᠴᠢᠯᠡᠬᠦ ᠨᠤᠷᠮ᠎ᠠ ᠪᠠ ᠡᠷᠡᠭᠳᠠᠢ ᠶᠢᠨ ᠡᠪᠡᠳᠴᠢᠯᠡᠬᠦ ᠨᠤᠷᠮ᠎ᠠ ᠶᠢᠨ  ᠬᠠᠷᠢᠴᠠᠯ  ᠨᠢ 2᠄ 1 ᠪᠤᠯᠤᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001120015465