蒙古文网站Logo
ᠰᠢᠨᠬᠤᠸᠠ ᠮᠤᠩᠭ᠋ᠤᠯ ᠨᠧᠲ

17 ᠪᠦᠰᠡ ᠨᠤᠲᠤᠭ ᠤᠨ ᠬᠤᠳᠠ ᠬᠥᠳᠡᠭᠡ ᠶᠢᠨ ᠡᠮ ᠡᠮᠨᠡᠯᠭᠡ ᠶᠢᠨ ᠲᠠᠭᠠᠳᠬᠠᠯ ᠤᠨ ᠲᠥᠷᠢᠮ ᠢ ᠨᠢᠭᠡᠳᠭᠡᠬᠦ ᠲᠥᠰᠥᠯ ᠲᠤᠬᠳᠠᠭᠠᠪᠠ

2016-12-13 17:21

    ᠳᠤᠮᠳᠠᠳᠤ ᠤᠯᠤᠰ ᠤᠨ ᠮᠣᠩᠭ᠋ᠤᠯ ᠷᠠᠳᠢᠣ᠋ ᠰᠦᠯᠵᠢᠶ᠎ᠠ ᠶᠢᠨ 12 ᠰᠠᠷ᠎ᠠ ᠶᠢᠨ 13 ᠤ᠋ ᠡᠳᠦᠷ ᠤᠨ ᠮᠡᠳᠡᠭᠡ ᠶᠢ ᠦᠨᠳᠦᠰᠦᠯᠡᠪᠡᠯ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠥᠨᠳᠣᠰᠣᠨ ᠡᠮ ᠡᠮᠨᠡᠯᠭᠡ ᠶᠢᠨ ᠲᠠᠭᠠᠳᠬᠠᠯ ᠪᠤᠯᠤᠨ ᠬᠥᠳᠡᠭᠡ ᠲᠤᠰᠬᠤᠨ ᠤ ᠰᠢᠨ᠎ᠡ ᠮᠠᠶ᠊ᠢᠭ ᠤᠨ ᠬᠤᠷᠰᠢᠬᠰᠠᠨ ᠡᠮ ᠡᠮᠨᠡᠯᠭᠡ ᠶᠢᠨ ᠲᠠᠭᠠᠳᠬᠠᠯ ᠤᠨ ᠲᠥᠷᠢᠮ ᠢ ᠨᠢᠭᠡᠳᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠠᠷ ᠣᠳᠣ ᠣᠯᠣᠰ ᠳᠠᠶᠠᠭᠠᠷ ᠤᠨ 17 ᠮᠤᠵᠢ ᠤᠷᠤᠨ ᠬᠤᠳᠠ ᠶᠢᠨ ᠬᠢᠨ ᠨᠢᠭᠡᠳᠬᠡᠬᠦ ᠲᠥᠰᠥᠯ ᠭᠠᠷᠭᠠᠬᠰᠠᠨ ᠪᠠᠶᠢᠨ᠎ᠠ᠃ ᠡᠳᠡᠭᠡᠷ ᠭᠠᠵᠠᠷ ᠤᠷᠤᠨ ᠳᠤ 2017 ᠤᠨ ᠤ 1 ᠰᠠᠷ᠎ᠠ ᠶᠢᠨ 1 ᠤ᠋ ᠡᠳᠣᠷ ᠠᠴᠠ ᠡᠬᠢᠯᠡᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠨᠢᠭᠡᠳᠥᠯᠳᠡᠢ ᠪᠤᠳᠤᠯᠭ᠎ᠠ ᠶᠢ ᠭᠡᠷᠡᠭᠵᠢᠬᠦᠯᠵᠦ᠂ ᠬᠥᠳᠡᠭᠡ ᠲᠤᠰᠬᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠬᠠᠮᠤᠷᠬᠤ ᠬᠡᠪᠴᠢᠶ᠎ᠠ ᠶᠢ ᠥᠷᠭᠡᠳᠬᠡᠵᠦ᠂ ᠲᠠᠩᠰᠠᠨ ᠠᠴᠠ ᠴᠠᠶᠢᠷᠠᠭᠤᠯᠬᠤ ᠬᠠᠷᠢᠴᠠᠯ ᠢ ᠢᠯᠡᠷᠬᠡᠢ ᠨᠡᠮᠡᠭᠳᠡᠭᠦᠯᠬᠦ ᠪᠤᠯᠤᠨ᠎ᠠ᠃

    ᠲᠥᠷᠥ ᠶᠢᠨ ᠶᠠᠪᠤᠳᠠᠯ ᠤᠨ ᠬᠤᠷᠢᠶᠠᠨ ᠠᠴᠠ ᠡᠨᠡ ᠵᠢᠯ ᠤᠨ ᠡᠬᠢ ᠪᠠᠷ《ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠥᠨᠳᠣᠰᠣᠨ ᠲᠠᠭᠠᠳᠬᠠᠯ ᠤᠨ ᠲᠥᠷᠢᠮ ᠢ ᠨᠢᠭᠡᠳᠬᠡᠬᠦ ᠲᠤᠬᠠᠢ ᠰᠠᠨᠠᠯ》 ᠢ᠋ ᠨᠡᠶᠢᠳᠡᠯᠡᠭᠰᠡᠨ ᠶᠤᠮ᠃ ᠬᠥᠳᠡᠭᠡ ᠲᠤᠰᠬᠤᠨ ᠤ ᠰᠠᠭᠤᠭᠠᠯᠢ ᠠᠷᠠᠳ ᠲᠤ ᠠᠪᠴᠣ ᠬᠡᠯᠡᠪᠡᠯ᠂ ᠡᠮ ᠡᠮᠨᠡᠯᠭᠡ ᠶᠢᠨ ᠥᠨᠳᠣᠰᠣᠨ ᠲᠠᠭᠠᠳᠬᠠᠯ ᠤᠨ ᠲᠥᠷᠢᠮ ᠢ ᠨᠢᠭᠡᠳᠬᠡᠭ᠍ᠰᠡᠨ ᠤ ᠳᠠᠷᠠᠭ᠎ᠠ᠂ ᠬᠤᠳᠠ ᠤᠷᠤᠵᠦ ᠡᠮᠴᠢᠯᠡᠭᠦᠯᠬᠦ ᠳᠤ ᠬᠤᠳᠠ ᠶᠢᠨ ᠰᠠᠭᠤᠭᠠᠯᠢ ᠠᠷᠠᠳ ᠲᠠᠢ ᠠᠳᠠᠯᠢᠬᠠᠨ ᠥᠢᠯᠡᠴᠢᠯᠡᠭᠡ ᠬᠥᠷᠳᠡᠬᠦ ᠪᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭ᠋ᠤᠯ ᠷᠠᠳᠢᠣ᠋ ᠰᠦᠯᠵᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011100001120110836