蒙古文网站Logo
ᠰᠢᠨᠬᠤᠸᠠ ᠮᠤᠩᠭ᠋ᠤᠯ ᠨᠧᠲ

ᠲᠤᠭᠤᠰᠤᠨᠴᠢᠷ ᠮᠠᠨᠠᠨ ᠲᠠᠢ ᠡᠳᠦᠷ ᠬᠡᠤᠭᠡᠳ ᠪᠠᠭᠠᠴᠤᠳ ᠲᠤ ᠠᠮᠢᠰᠬᠤᠯ ᠤᠨ ᠵᠠᠮ ᠤᠨ ᠡᠪᠡᠳᠴᠢᠨ ᠤᠯᠠᠨ ᠳᠡᠯᠭᠡᠷᠡᠨ᠎ᠠ

2017-01-05 16:59

    ᠰᠢᠨᠬᠣᠧᠠ ᠬᠤᠷᠢᠶ᠎ᠠ ᠴᠦᠩᠴᠢᠩ ᠤᠨ 1 ᠰᠡᠷ᠎ᠠ ᠶᠢᠨ 4 ᠤ ᠡᠳᠤᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠯᠢ ᠬᠤᠧᠠ ᠯᠢᠩ) ᠬᠡᠳᠦᠨ ᠡᠳᠦᠷ ᠳᠠᠷᠠᠭᠠᠯᠠᠨ ᠳᠤᠮᠳᠠᠳᠤ ᠤᠯᠤᠰ ᠤᠨ ᠶᠡᠬᠡᠩᠬᠢ ᠪᠦᠰᠡ ᠨᠤᠲᠤᠭ ᠲᠦ ᠲᠤᠭᠤᠰᠤᠨᠴᠢᠷ ᠮᠠᠨᠠᠨ ᠲᠠᠢ ᠴᠠᠭ ᠠᠭᠠᠷ ᠢᠯᠡᠷᠡᠵᠤ᠂ ᠨᠢᠯᠬ᠎ᠠ ᠬᠡᠤᠬᠡᠳ ᠤᠨ ᠠᠮᠢᠰᠬᠤᠯ ᠤᠨ ᠵᠠᠮ ᠤᠨ ᠡᠪᠡᠳᠴᠢᠨ ᠶᠡᠬᠡ ᠪᠡᠷ ᠳᠡᠯᠭᠡᠷᠡᠵᠤ ᠪᠤᠢ᠃

    ᠲᠡᠭᠡᠪᠡᠯ ᠲᠤᠭᠤᠰᠤᠨᠴᠢᠷ ᠮᠠᠨᠠᠨ ᠲᠠᠢ ᠡᠳᠦᠷ ᠬᠡᠤᠬᠡᠳ ᠪᠠᠭᠠᠴᠤᠳ ᠤᠨ ᠠᠮᠢᠰᠬᠤᠯ ᠤᠨ ᠵᠠᠮ ᠤᠨ ᠡᠪᠡᠳᠴᠢᠨ ᠢ ᠬᠡᠷᠬᠢᠨ ᠰᠡᠷᠬᠡᠶᠢᠯᠡᠬᠦ ᠪᠤᠢ? ᠮᠡᠷᠬᠡᠯᠵᠢᠲᠠᠨ ᠡᠴᠡ ᠰᠠᠨᠠᠭᠠᠭᠤᠯᠤᠭᠰᠠᠨ ᠨᠢ᠂ ᠬᠠᠮᠤᠭ ᠤᠨ ᠲᠦᠷᠦᠬᠦᠨ ᠳᠤ ᠴᠠᠭ ᠠᠭᠠᠷ ᠤᠨ ᠤᠷᠢᠳᠴᠢᠯᠠᠭᠰᠠᠨ ᠮᠡᠳᠡᠭᠡ ᠶᠢ ᠠᠩᠬᠠᠷᠴᠤ᠂ ᠲᠤᠭᠤᠰᠤᠨᠴᠢᠷ ᠮᠠᠨᠠ ᠤ ᠲᠠᠷᠬᠠᠯᠲᠠ ᠶᠢᠨ ᠪᠠᠶᠢᠳᠠᠯ ᠪᠠ ᠬᠡᠮᠵᠢᠶ᠎ᠠ ᠶᠢ ᠦᠨᠳᠤᠰᠤᠯᠠᠨ ᠭᠠᠳᠠᠭᠰᠢ ᠭᠠᠷᠬᠤ ᠪᠠ ᠥᠷᠦᠬᠡᠨ ᠤ ᠭᠠᠳᠠᠨ᠎ᠠ ᠬᠦᠳᠡᠯᠬᠡᠬᠡᠨ ᠬᠢᠬᠦ  ᠪᠡᠨ ᠲᠤᠭᠲᠠᠭᠠᠨ᠎ᠠ᠃ ᠳᠠᠷᠠᠭ᠎ᠠ ᠨᠢ᠂ ᠭᠠᠳᠠᠭᠰᠢ ᠭᠠᠷᠬᠤ ᠳᠤ ᠪᠡᠨ ᠠᠮᠠᠪᠴᠢ ᠵᠡᠬᠦᠵᠤ᠂ ᠭᠡᠷ ᠲᠤ ᠪᠡᠨ ᠬᠠᠷᠢᠭᠰᠠᠨ ᠤ ᠰᠡᠬᠦᠯᠡᠷ ᠨᠢᠭᠤᠷ ᠢᠶᠡᠨ ᠣᠬᠢᠶᠠᠵᠤ ᠠᠮᠠ ᠪᠡᠨ ᠵᠠᠶᠢᠯᠠᠨ᠎ᠠ᠃ ᠬᠠᠮᠤᠭ ᠤᠨ ᠰᠡᠬᠦᠯ ᠳᠤ᠂ ᠲᠤᠭᠤᠰᠤᠨᠴᠢᠷ ᠮᠠᠨᠠᠨ ᠲᠠᠢ ᠡᠳᠦᠷ ᠬᠡᠤᠬᠡᠳ ᠤᠨ ᠢᠳᠡᠬᠡᠨ ᠤᠮᠳᠠᠭᠠᠨ ᠢ ᠲᠤᠬᠢᠷᠠᠮᠵᠢᠲᠠᠢ ᠪᠠᠶᠢᠯᠭᠠᠨ᠎ᠠ᠃ ᠸᠢᠲ᠋ᠠᠮᠢᠨD ᠨᠦᠬᠦᠪᠦᠷᠢᠯᠡᠬᠦ᠂ ᠢᠯᠡᠬᠦᠭᠡᠨ ᠵᠢᠭᠠᠰᠤᠨ ᠤ ᠲᠦᠷᠦᠯ ᠤᠨ ᠢᠳᠡᠭᠡᠨ ᠢᠳᠡᠬᠦ᠂β-ᠬᠤ ᠯᠤᠤᠪᠠᠩ ᠤᠨ ᠡᠳ᠋ ᠡᠯᠪᠡᠭ᠌ ᠠᠭᠤᠯᠬᠤ ᠪᠠ ᠢᠰᠦᠯᠳᠦᠬᠦ ᠶᠢ ᠡᠰᠡᠷᠭᠦᠴᠡᠬᠦ ᠢᠳᠡᠬᠡᠨ ᠢ ᠢᠳᠡᠬᠦ᠂ ᠵᠢᠱᠢᠶᠡᠯᠡᠪᠡᠯ ᠨᠠᠩ᠋ᠭᠤᠧᠠ᠂ ᠲᠠᠯᠳᠠᠤ᠂ ᠰᠢᠬᠢᠷᠯᠢᠭ᠌᠌ ᠲᠦᠮᠦᠰᠦ᠂ ᠵᠦᠷᠵᠢ᠂ ᠬᠤ ᠯᠤᠤᠪᠠᠩ᠂ ᠬᠠᠮᠢᠯ ᠬᠡᠮᠬᠡ ᠵᠡᠷᠭᠡ ᠢᠳᠡᠬᠡᠨ ᠢ ᠢᠳᠡᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120252932