蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠬᠢᠳᠠᠳ ᠡᠮ ᠤᠨ ᠶᠡᠷᠦᠩᠬᠡᠢ ᠫᠠᠲ᠋ᠧᠨ᠋ᠲ ᠤᠨ ᠲᠤᠭ᠎ᠠ 11 ᠲᠦᠮᠡ ᠶᠢ ᠳᠠᠪᠠᠵᠡᠢ

2017-01-11 10:27

    1 ᠰᠠᠷ᠎ᠠ ᠶᠢᠨ 10 ᠤ ᠡᠳᠦᠷ ᠤᠯᠤᠰ ᠳᠠᠶᠠᠭᠠᠷ ᠤᠨ ᠬᠢᠲᠠᠳ ᠡᠮ ᠡᠮᠨᠡᠯᠬᠡ ᠶᠢᠨ ᠲᠧᠭᠨᠤᠯᠤᠬᠢ ᠶᠢᠨ ᠰᠢᠨᠠᠴᠢᠯᠠᠯ ᠤᠨ ᠬᠤᠷᠠᠯ ᠪᠡᠭᠡᠵᠢᠩ ᠳᠤ ᠪᠤᠯᠪᠠ᠃

    ᠤᠯᠤᠰ ᠤᠨ ᠡᠷᠡᠭᠦᠯ ᠬᠠᠮᠠᠭᠠᠯᠠᠯ ᠲᠦᠯᠦᠪᠯᠡᠬᠡᠲᠤ ᠦᠷᠡᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠤᠯᠤᠰ ᠤᠨ ᠬᠢᠲᠠᠳ ᠡᠮ ᠡᠮᠨᠡᠯᠬᠡ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠲᠤᠪᠴᠢᠶᠠᠨ ᠳᠠᠷᠤᠭ᠎ᠠ ᠸᠠᠩ ᠭᠦᠧᠧ ᠴᠢᠶᠠᠩ ᠡᠴᠡ ᠤᠶᠢᠯᠠᠭᠠᠭᠰᠠᠨ ᠢᠶᠡᠷ᠂ ᠬᠢᠲᠠᠳ ᠡᠮ ᠡᠮᠨᠡᠯᠬᠡ ᠤᠯᠤᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ 54 ᠵᠦᠢᠯ ᠤᠨ ᠱᠠᠩᠨᠠᠯ  ᠢ ᠬᠦᠷᠲᠡᠪᠠ᠃ ᠡᠬᠦᠨ ᠳᠤ 6 ᠵᠦᠢᠯ ᠤᠨ ᠤᠯᠤᠰ ᠤᠨ ᠲᠧᠭᠨᠤᠯᠤᠬᠢ ᠶᠢᠨ ᠰᠢᠨᠠᠴᠢᠯᠠᠯ  ᠤᠨ ᠨᠢᠬᠡᠳᠤᠭᠡᠷ ᠳᠡᠰ ᠤᠨ ᠱᠠᠩᠨᠠᠯ ᠂ 5 ᠵᠦᠢᠯ ᠤᠨ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ  ᠪᠠ ᠤᠯᠤᠰ ᠤᠨ ᠲᠧᠭᠨᠤᠯᠤᠬᠢ ᠶᠢᠨ ᠡᠭᠦᠳᠤᠯᠲᠠ ᠶᠢᠨ ᠱᠠᠩᠨᠠᠯ ᠢ ᠬᠦᠷᠲᠡᠵᠤ᠂ ᠤᠯᠤᠰ ᠤᠨ ᠲᠤᠲᠤᠭᠠᠲᠤ ᠶᠢᠨ ᠲᠤᠬᠲᠠᠮᠠᠯ ᠬᠡᠪᠯᠡᠯ ᠳᠡᠬᠢ ᠬᠢᠲᠠᠳ ᠡᠮ ᠡᠮᠨᠡᠯᠬᠡ ᠶᠢᠨ ᠲᠧᠭᠨᠤᠯᠤᠬᠢ ᠶᠢᠨ ᠦᠬᠦᠯᠡᠯ ᠤᠨ ᠶᠡᠷᠦᠩᠬᠡᠢ ᠲᠤᠭ᠎ᠠ 40.5 ᠲᠦᠮᠡ ᠬᠦᠷᠤᠭ᠍ᠰᠠᠨ ᠪᠠ ᠤᠯᠤᠰ ᠤᠨ ᠲᠤᠳᠤᠭᠠᠲᠤ ᠶᠢᠨ ᠬᠢᠲᠠᠳ ᠡᠮ ᠪᠠ ᠪᠠᠶᠢᠭᠠᠯᠢ ᠶᠢᠨ ᠡᠮ ᠤᠨ ᠫᠠᠲ᠋ᠧᠨ᠋ᠲ ᠤᠨ ᠲᠤᠭ᠎ᠠ 11 ᠲᠦᠮᠡ ᠶᠢ ᠳᠠᠪᠠᠭᠰᠠᠨ ᠨᠢ ᠤᠷᠢᠳᠤ ᠭᠠᠷᠤᠭ᠎ᠠ ᠦᠭᠡᠢ ᠳᠠᠪᠰᠢᠯᠲᠠ ᠪᠠ ᠬᠦᠭ᠍ᠵᠢᠯᠲᠠ ᠶᠢ ᠬᠠᠷᠠᠭᠤᠯᠵᠡᠢ᠃

ᠢᠷᠡᠯᠳᠡ᠄ ᠠᠷᠠᠳ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120287846