蒙古文网站Logo
ᠰᠢᠨᠬᠤᠸᠠ ᠮᠤᠩᠭ᠋ᠤᠯ ᠨᠧᠲ

ᠰᠤᠷᠭᠠᠭᠤᠯᠢ ᠶᠢᠨ ᠨᠠᠰᠤᠨ ᠡᠴᠡ ᠡᠮᠤᠨᠡᠬᠢ ᠬᠡᠦᠬᠡᠳ ᠤᠨ ᠭᠡᠷ ᠤᠨ ᠭᠠᠲᠠᠨᠠᠬᠢ ᠬᠦᠲᠡᠯᠭᠡᠭᠡᠨ ᠤ ᠴᠠᠭ ᠢ ᠨᠡᠮᠡᠭᠲᠡᠬᠦᠯᠪᠡᠯ ᠵᠤᠬᠢᠨ᠎ᠠ ᠭᠡᠵᠦ ᠲᠤᠰᠬᠠᠢ ᠮᠡᠷᠭᠡᠵᠢᠯᠲᠡᠨ ᠦᠵᠡᠵᠦ ᠪᠠᠢᠢᠨ᠎ᠠ

2017-01-12 16:38

    ᠰᠢᠨᠬᠤᠸᠠ ᠬᠤᠷᠢᠶ᠎ᠠ   ᠪᠡᠭᠡᠵᠢᠩ ᠤᠨ 1 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠪᠢᠩ ᠶᠠᠩ ) ᠰᠡᠬᠦᠯ ᠤᠨ ᠦᠶ᠎ᠠ ᠳ᠋ᠤ᠂ ᠲᠤᠮᠲᠠᠲᠤ ᠤᠯᠤᠰ ᠤᠨ ᠰᠢᠮ᠎ᠡ ᠲᠡᠵᠢᠭᠡᠯ ᠤᠨ ᠤᠬᠠᠭᠠᠨ ᠤ ᠨᠡᠢᠢᠭᠡᠮᠯᠢᠭ᠌ ᠤᠨ ᠨᠠᠢᠢᠷᠠᠭᠤᠯᠤᠨ ᠵᠤᠬᠢᠶᠠᠭᠰᠠᠨ《ᠲᠤᠮᠲᠠᠲᠤ ᠤᠯᠤᠰ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠬᠤᠭᠤᠯᠠ ᠤᠮᠲᠠ ᠶᠢᠨ ᠬᠦᠲᠦᠯᠪᠦᠷᠢ ( 2016 ) 》 ᠶᠢ ᠲᠠᠷᠬᠠᠭᠠᠪᠠ᠃ 《ᠬᠦᠲᠦᠯᠪᠦᠷᠢ》 ᠳ᠋ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠭᠡᠷ ᠤᠨ ᠭᠠᠲᠠᠨᠠᠬᠢ ᠬᠦᠲᠡᠯᠭᠡᠭᠡᠨ ᠡᠲᠦᠷ ᠪᠤᠯᠭᠠᠨ 1 ᠴᠠᠭ ᠡᠴᠡ ᠪᠠᠭ᠎ᠠ ᠪᠠᠢᠢᠵᠤ ᠪᠤᠯᠬᠤ ᠦᠭᠡᠢ᠂ ᠤᠰᠤ ᠢᠯᠡᠬᠦᠭᠡᠨ ᠤᠤᠭᠤᠵᠤ᠂ ᠰᠢᠬᠢᠷ ᠠᠭᠤᠯᠤᠭᠰᠠᠨ ᠤᠮᠲᠠᠭᠠᠨ ᠤᠤᠭᠤᠬᠤ ᠦᠭᠡᠢ᠃ ᠬᠤᠭᠤᠯᠠ ᠭᠤᠯᠤᠬᠤ ᠦᠭᠡᠢ᠂ ᠬᠡᠲᠦᠷᠡᠲᠠᠯ᠎ᠠ ᠢᠲᠡᠬᠦ ᠦᠭᠡᠢ᠂ ᠪᠠᠶ᠎ᠠ ᠶᠢᠨ ᠵᠢᠩ ᠪᠠ ᠪᠠᠶ᠎ᠠ ᠶᠢᠨ ᠦᠨᠳᠦᠷ ᠲᠡᠩᠴᠡᠭᠦᠷᠢᠲᠡᠢ ᠪᠠᠢᠢᠬᠤ ᠶᠢ ᠰᠠᠨᠠᠭᠤᠯᠪᠠ᠃

    ᠡᠨᠡᠬᠦ 《ᠬᠦᠲᠦᠯᠪᠦᠷᠢ》 ᠶᠢ ᠨᠡᠢᠢᠲᠡᠯᠡᠬᠦ ᠬᠤᠷᠠᠯ ᠲᠡᠭᠡᠷ᠎ᠡ᠂ ᠪᠡᠭᠡᠵᠢᠩ ᠶᠡᠬᠡ ᠰᠤᠷᠭᠠᠭᠤᠯᠢ ᠶᠢᠨ ᠤᠯᠠᠨ ᠨᠡᠢᠢᠲᠡ ᠶᠢᠨ ᠡᠷᠡᠬᠦᠯ ᠬᠠᠮᠠᠭᠠᠠᠯᠠᠯ ᠤᠨ ᠲᠡᠭᠡᠳᠦ ᠰᠤᠷᠭᠠᠭᠤᠯᠢ ᠶᠢᠨ ᠰᠢᠮ᠎ᠡ ᠲᠡᠵᠢᠭᠡᠯ ᠪᠠ ᠢᠲᠡᠭᠡᠨ ᠤᠮᠲᠠᠭᠠᠨ ᠤ ᠡᠷᠡᠬᠦᠯ ᠬᠠᠮᠠᠭᠠᠯᠠᠯ ᠤᠨ ᠰᠠᠯᠪᠤᠷᠢ ᠶᠢᠨ ᠫᠷᠤᠹᠸᠰᠰᠤᠷ ᠮᠠ ᠭᠤᠸᠠᠨ ᠱᠸᠩ ᠬᠡᠯᠡᠬᠦ ᠳ᠋ᠡᠭᠡᠨ᠂ ᠬᠡᠦᠬᠡᠳ ᠶᠠᠭ ᠦᠰᠦᠨ ᠪᠤᠢᠢᠵᠢᠬᠤ ᠬᠤᠭᠤᠴᠠᠭᠠᠨ ᠳ᠋ᠠᠭᠠᠨ ᠪᠠᠢᠢᠭ᠎ᠠ ᠪᠤᠯᠬᠤᠷ ᠰᠢᠮ᠎ᠡ ᠲᠡᠵᠢᠭᠡᠯ ᠰᠠᠢᠢᠲᠠᠢ ᠢᠲᠠᠭᠡᠨ ᠤᠮᠲᠠᠭᠠᠨ ᠶᠢᠡᠷ ᠪᠠᠲᠤᠯᠠᠭ᠎ᠠ ᠬᠠᠩᠭ᠋ᠠᠬᠤ ᠬᠡᠷᠡᠭᠲᠡᠢ᠃ ᠮᠦᠨ ᠡᠬᠦᠨ ᠡᠴᠡ ᠭᠠᠲᠠᠨ᠎ᠠ ᠪᠠᠶ᠎ᠠ ᠶᠢᠨ ᠲᠠᠮᠢᠷ ᠤᠨ ᠬᠦᠲᠡᠯᠭᠡᠭᠡᠨ ᠳ᠋ᠤ ᠤᠷᠤᠯᠴᠠᠬᠤ ᠶᠢ ᠵᠤᠷᠢᠭᠵᠢᠭᠤᠯᠵᠤ᠂ ᠭᠠᠷᠠᠭ ᠪᠤᠯᠭᠠᠨ 3 ᠤᠲᠠᠭ᠎ᠠ ᠪᠤᠯᠪᠠᠰᠤᠷᠠᠯ ᠳ᠋ᠤ ᠤᠷᠤᠯᠴᠠᠪᠠᠯ ᠰᠠᠢᠢᠨ ᠪᠠᠢᠢᠲᠠᠭ᠃

    《ᠲᠤᠮᠲᠠᠲᠤ ᠤᠯᠤᠰ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠬᠤᠭᠤᠯᠠ ᠤᠮᠲᠠ ᠶᠢᠨ ᠬᠦᠲᠦᠯᠪᠦᠷᠢ 》 ᠪᠤᠯ ᠲᠤᠮᠲᠠᠲᠤ ᠤᠯᠤᠰ ᠤᠨ ᠰᠢᠮ᠎ᠡ ᠲᠡᠵᠢᠭᠡᠯ ᠤᠨ ᠤᠬᠠᠭᠠᠨ ᠤ ᠨᠡᠢᠢᠭᠡᠮᠯᠢᠭ᠌ ᠤᠨ ᠬᠤᠭᠤᠯᠠ ᠤᠮᠲᠠ ᠶᠢᠨ ᠬᠦᠲᠦᠯᠪᠦᠷᠢ ᠶᠢᠨ ᠠᠵᠢᠯ ᠤᠨ ᠨᠢᠭᠡ ᠲᠦᠷᠦᠯ ᠪᠠᠢᠢᠵᠤ᠂ ᠭᠡᠷ  ᠤᠨ ᠠᠬᠠᠮᠠᠳ ᠪᠠ ᠰᠤᠷᠭᠠᠭᠤᠯᠢ ᠳ᠋ᠤ ᠬᠤᠭᠤᠯᠠ ᠤᠮᠲᠠ ᠶᠢᠨ ᠵᠢᠯᠤᠭᠤᠲᠤᠯᠭ᠎ᠠ ᠬᠠᠩᠭ᠋ᠠᠵᠤ᠂ ᠬᠡᠦᠬᠡᠤᠨ ᠤᠨ ᠡᠷᠡᠬᠦᠯ ᠶᠢᠡᠷ ᠦᠰᠦᠨ ᠪᠤᠢᠢᠵᠢᠬᠤ ᠳ᠋ᠤᠨᠢ ᠪᠠᠲᠤᠯᠠᠭ᠎ᠠ ᠬᠠᠩᠭ᠋ᠠᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120299107