蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠺᠤᠮᠢᠰ᠄ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ H7N9 ᠬᠢᠵᠢᠭ᠌ ᠤᠨ ᠬᠠᠯᠲᠠᠪᠤᠷᠢᠯᠠᠬᠤ ᠶᠢ ᠬᠢᠵᠠᠭᠠᠷᠯᠠᠬᠤ ᠬᠡᠷᠡᠭᠲᠡᠢ

2017-02-23 08:51

    ᠰᠢᠨᠬᠤᠸᠠ ᠬᠤᠷᠢᠶ᠎ᠠ   ᠪᠡᠭᠡᠵᠢᠩ ᠤᠨ 2 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠪᠢᠨ) ᠰᠡᠬᠦᠯ ᠤᠨ ᠦᠶ᠎ᠠ ᠳ᠋ᠤ᠂ ᠤᠯᠤᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠺᠤᠮᠢᠰ ᠡᠴᠡ ᠡᠯ᠎ᠡ ᠭᠠᠵᠠᠷ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠺᠤᠮᠢᠰ ᠲᠤ ᠬᠢᠵᠢᠭ᠌ ᠡᠪᠡᠳᠴᠢᠨ ᠤ ᠬᠠᠯᠲᠠᠪᠤᠷᠢᠯᠠᠬᠤ ᠶᠢ ᠬᠢᠵᠠᠭᠠᠷᠯᠠᠵᠤ᠂ ᠢᠷᠭᠡᠳ ᠤᠨ ᠡᠷᠡᠬᠦᠯ ᠮᠡᠨᠳᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠲᠠᠪᠠ᠃

    2017 ᠤᠨ ᠤ 1 ᠰᠠᠷ᠎ᠠ ᠡᠴᠡ ᠨᠠᠭᠠᠰᠢ᠂ ᠤᠯᠤᠰ ᠲᠠᠶᠠᠭᠠᠷ ᠤᠨ 16 ᠮᠤᠵᠢ ᠳ᠋ᠤ H7N9 ᠬᠢᠵᠢᠭ᠌ ᠡᠪᠡᠳᠴᠢᠨ ᠶᠢᠡᠷ ᠠᠮᠢ ᠨᠠᠰᠤ ᠪᠠᠨ ᠠᠯᠲᠠᠭᠰᠠᠨ ᠪᠤᠶᠤ ᠬᠠᠯᠲᠠᠪᠤᠷᠢᠯᠠᠭᠲᠠᠭᠰᠠᠨ ᠡᠪᠡᠳᠴᠢᠨ ᠤ ᠵᠢᠱᠢᠶ᠎ᠠ ᠲᠠᠢ᠃ ᠤᠯᠤᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠺᠤᠮᠢᠰ ᠬᠢᠵᠢᠭ᠌ ᠡᠪᠡᠳᠴᠢᠨ ᠡᠭᠦᠰᠦᠭᠰᠡᠨ ᠵᠢᠬᠦᠷᠲᠡᠨ ᠤ ᠵᠠᠬ᠎ᠠ ᠵᠡᠬᠡᠯᠢ ᠶᠢ ᠪᠢᠲᠡᠭᠦᠮᠵᠢᠯᠡᠨ ᠬᠠᠭᠠᠬᠤ ᠵᠡᠷᠭᠡ ᠠᠷᠭ᠎ᠠ ᠬᠡᠮᠵᠢᠶ᠎ᠠ ᠠᠪᠴᠤ᠂ ᠬᠢᠨᠠᠨ ᠰᠢᠯᠭᠠᠭᠰᠠᠨ ᠳ᠋ᠦᠩ ᠶᠢᠡᠷ ᠵᠢᠬᠦᠷᠲᠡᠨ ᠢ ᠠᠯᠠᠵᠤ ᠨᠢᠲᠤᠯᠵᠤ ᠪᠤᠯᠤᠨ᠎ᠠ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120791120514072