蒙古文网站Logo
ᠰᠢᠨᠬᠤᠸᠠ ᠮᠤᠩᠭ᠋ᠤᠯ ᠨᠧᠲ

ᠬᠦᠳᠡᠯᠬᠡᠬᠡᠨ ᠬᠢᠬᠦ ᠦᠬᠡᠢ ᠤᠳᠠᠭᠠᠨ ᠰᠠᠭᠤᠪᠠᠯ ᠡᠷᠳᠡ ᠦᠳᠡᠯᠦᠨ᠎ᠠ

2017-02-28 10:33

    ᠠᠮᠸᠷᠢᠺᠡ ᠶ᠋ᠢᠨ ᠰᠢᠨᠵᠢᠯᠡᠬᠦ ᠤᠬᠠᠭᠠᠨᠳᠠᠳ ᠤᠨ ᠢᠯᠡᠷᠡᠬᠦᠯᠦᠭᠰᠡᠨ ᠢᠶᠠᠷ᠂ ᠨᠠᠰᠤᠳᠠᠶᠢᠴᠤᠤᠯ ᠤᠳᠠᠭᠠᠨ ᠰᠠᠭᠤᠪᠠᠯ ᠦᠳᠡᠯᠬᠦ ᠬᠤᠷᠳᠤᠴᠠ ᠪᠡᠨ ᠲᠦᠷᠭᠡᠳᠭᠡᠨ᠎ᠡ᠃ ᠨᠢᠬᠡ ᠡᠳᠦᠷ ᠲᠤ 10 ᠴᠠᠭ ᠡᠴᠠ ᠲᠡᠭᠡᠭ᠍ᠰᠢ ᠨᠠᠮ ᠰᠠᠭᠤᠬᠤ ᠮᠦᠷᠲᠡᠬᠡᠨ 40 ᠮᠢᠨᠦ᠋ᠲ ᠡᠴᠠ ᠲᠤᠷᠤᠭᠰᠢ ᠬᠦᠳᠡᠯᠬᠡᠬᠡᠨ ᠬᠢᠭ᠍ᠰᠡᠳ ᠦᠪᠡᠷ ᠤᠨ ᠪᠤᠳᠠᠳᠠᠢ ᠨᠠᠰᠤᠨ ᠡᠴᠠ ᠪᠠᠨ ᠠᠳᠠᠬ ᠲᠠᠭᠠᠨ 8 ᠵᠢᠯ ᠡᠷᠳᠡ ᠦᠳᠡᠯᠦᠨ᠎ᠠ᠃

    ᠺᠠᠯᠢᠹᠤᠷᠨᠢᠶ᠎ᠠ ᠶᠡᠬᠡ ᠰᠤᠷᠭᠠᠭᠤᠯᠢ ᠶ᠋ᠢᠨ ᠰᠤᠳᠤᠯᠭᠠᠳᠠᠳ 1500 ᠨᠡᠷ᠎ᠠ 64 -95 ᠨᠠᠰᠤᠨ ᠤ ᠨᠠᠰᠤᠳᠠᠶᠢᠴᠤᠤᠯ ᠳᠤ ᠬᠢᠨᠠᠨ ᠬᠡᠮᠵᠢᠯᠳᠡ ᠶ᠋ᠢᠨ ᠲᠦᠬᠦᠬᠡᠷᠦᠮᠵᠢ ᠵᠡᠬᠦᠯᠬᠡᠨ᠂ ᠳᠡᠳᠡᠨ ᠤ ᠨᠢᠬᠡ ᠭᠠᠷᠠᠭ ᠤᠨ ᠬᠤᠭᠤᠴᠠᠭᠠᠨ ᠳ᠋ᠠᠬᠢ ᠬᠦᠳᠡᠯᠬᠡᠬᠡᠨ ᠤ ᠪᠠᠶᠢᠳᠠᠯ ᠢ ᠳᠡᠮᠳᠡᠭᠯᠡᠵᠦ᠂ ᠲᠡᠬᠢᠨ ᠴᠢᠰᠤᠨ ᠤ ᠪᠠᠶᠢᠴᠠᠭᠠᠯᠳᠠ ᠪᠠᠷ ᠲᠠᠮᠵᠢᠨ ᠪᠡᠶ᠎ᠠ ᠶ᠋ᠢᠨ ᠡᠰ ᠤᠨ ᠡᠷᠡᠬᠦᠯ ᠴᠢᠬᠢᠷᠠᠬ ᠤᠨ ᠪᠠᠶᠢᠳᠠᠯ ᠢ ᠵᠠᠳᠠᠯᠪᠠ᠃ ᠪᠠᠶᠢᠴᠠᠭᠠᠯᠳᠠ ᠶ᠋ᠢᠨ ᠳ᠋ᠦᠡᠭ ᠳ᠋ᠤ᠂ ᠬᠦᠳᠡᠯᠬᠡᠬᠡᠨ ᠬᠢᠭ᠍ᠰᠠᠨ ᠨᠢ ᠪᠠᠭ᠎ᠠ ᠨᠠᠰᠤᠳᠠᠶᠢᠴᠤᠤᠯ ᠤᠨ ᠡᠰ ᠮᠠᠰᠢ ᠡᠷᠡᠬᠦᠯ ᠪᠤᠰᠤ ᠮᠦᠷᠳᠡᠬᠡᠨ ᠪᠤᠳᠤᠭᠳᠤ ᠴᠤᠭᠴᠠ ᠶ᠋ᠢᠨ ᠤᠷᠳᠦ ᠶ᠋ᠢᠨ ᠬᠡᠮᠵᠢᠶ᠎ᠠ ᠨᠡᠡᠭ ᠤᠬᠤᠷ ᠭᠡᠳᠡᠭ ᠢ ᠢᠯᠡᠷᠡᠬᠦᠯᠵᠡᠢ᠃ ᠶᠡᠷᠦᠩᠬᠡᠢ ᠳ᠋ᠡᠭᠡᠨ᠂ ᠬᠦᠮᠦᠨ ᠤ ᠪᠤᠳᠠᠳᠠᠢ ᠨᠠᠰᠦ ᠨᠡᠮᠡᠭᠳᠡᠬᠦ ᠳᠤᠰᠤᠮ ᠪᠤᠳᠤᠭᠳᠦ ᠪᠡᠶ᠎ᠠ ᠶ᠋ᠢᠨ ᠦᠵᠦᠬᠦᠷᠯᠢᠭ᠌ ᠤᠯᠠᠮ ᠤᠬᠤᠷ ᠪᠤᠯᠳᠠᠬ᠃

    ᠬᠡᠪᠡᠴᠦ ᠤᠳᠠᠭᠠᠨ ᠰᠠᠭᠤᠭᠰᠠᠨ ᠡᠴᠠ ᠪᠤᠯᠤᠬᠰᠠᠨ ᠬᠡᠮ ᠠᠷᠬᠠᠬ ᠢ ᠬᠦᠳᠡᠯᠬᠡᠬᠡᠨ ᠬᠢᠬᠦ ᠪᠠᠷ ᠲᠡᠮᠵᠢᠨ ᠨᠦᠬᠦᠪᠦᠷᠢᠯᠡᠵᠦ ᠪᠤᠯᠤᠨ᠎ᠠ ᠬᠡᠵᠦ ᠰᠤᠳᠤᠯᠭᠠᠳᠠᠳ ᠦᠵᠡᠵᠦ ᠪᠠᠢᠢᠨ᠎ᠠ᠃ ᠲᠤᠬᠠᠢᠯᠠᠪᠠᠯ ᠦᠷᠬᠦᠯᠵᠢ ᠬᠦᠳᠡᠯᠬᠡᠬᠡᠨ ᠬᠢᠬᠦ ᠦᠬᠡᠢ ᠰᠠᠭᠤᠭᠠᠳ ᠯᠡ ᠪᠠᠶᠢᠳᠠᠭ ᠨᠠᠰᠤᠳᠠᠶᠢᠴᠤᠤᠯ ᠡᠳᠦᠷ ᠪᠦᠷᠢ ᠬᠠᠭᠠᠰ ᠴᠠᠭ ᠡᠴᠠ ᠲᠡᠭᠡᠭ᠍ᠰᠢ ᠬᠦᠳᠡᠯᠬᠡᠬᠡᠨ ᠬᠢᠪᠡᠯ ᠡᠷᠲᠡ ᠦᠳᠡᠯᠬᠦ ᠡᠴᠠ ᠵᠠᠶᠢᠯᠠᠰᠬᠢᠵᠦ ᠲᠡᠶᠢᠯᠤᠨ᠎ᠠ᠃ ᠬᠡᠬᠦ ᠳᠤ ᠪᠡᠨ ᠡᠨᠡᠬᠦ ᠰᠤᠳᠤᠯᠭᠠᠨ ᠨᠢ ᠵᠦᠪᠬᠡᠨ ᠡᠮᠡᠭᠳᠡᠶᠢᠴᠤᠳ ᠢᠶᠠᠷ ᠰᠤᠳᠤᠯᠤᠬᠳᠠᠬᠤᠨ ᠪᠤᠯᠭᠠᠬᠰᠠᠨ ᠶᠤᠮ᠃ ᠤᠳᠠᠭᠠᠨ ᠰᠠᠭᠤᠬᠤ ᠨᠢ ᠪᠠᠰᠠ ᠦᠮᠡᠨ ᠡᠪᠡᠳᠴᠢᠨ᠂ ᠰᠢᠬᠢᠷ ᠰᠢᠵᠢᠡᠭ ᠡᠪᠡᠳᠴᠢᠨ ᠪᠤᠯᠤᠨ ᠵᠢᠷᠦᠭᠡ ᠴᠢᠰᠦᠨ ᠰᠤᠳᠠᠯ ᠤᠨ ᠡᠪᠡᠳᠴᠢᠨ ᠳ᠋ᠤ ᠨᠡᠷᠪᠡᠭ᠍ᠳᠡᠬᠦ ᠨᠤᠷᠮ᠎ᠠ ᠶ᠋ᠢ ᠵᠤᠬᠢᠬᠤ ᠬᠡᠮᠵᠢᠶ᠎ᠠ ᠪᠠᠷ ᠲᠡᠭᠡᠭ᠍ᠰᠢᠯᠡᠬᠦᠯᠤᠨ᠎ᠠ ᠬᠡᠵᠦ ᠰᠤᠳᠤᠯᠭᠠᠳᠠᠳ ᠰᠠᠨᠠᠭᠤᠯᠵᠡᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120542105