蒙古文网站Logo
ᠰᠢᠨᠬᠤᠸᠠ ᠮᠤᠩᠭ᠋ᠤᠯ ᠨᠧᠲ

ᠠᠭᠤᠷ ᠠᠮᠢᠰᠬᠤᠯ ᠤᠨ ᠲᠤᠯᠠᠭᠠᠷᠠᠯ ᠠᠴᠠ ᠪᠤᠯᠵᠦ ᠬᠤᠤᠷᠳᠠᠢ ᠲᠠᠯᠠᠢ ᠶᠢᠨ ᠢᠳᠡᠬᠡᠨ ᠤᠯᠠᠰᠢᠷᠠᠵᠦ ᠪᠤᠢ

2017-03-02 11:00

    ᠲᠠᠯᠠᠢ ᠶᠢᠨ ᠤᠰᠤᠨ ᠤ ᠲᠤᠯᠠᠭᠠᠨ ᠤ ᠬᠡᠮᠵᠢᠶ᠎ᠠ ᠲᠡᠭᠡᠭ᠍ᠰᠢᠯᠡᠭᠰᠡᠨ ᠠᠴᠠ ᠪᠤᠯᠵᠦ᠂ ᠬᠤᠤᠷᠳᠠᠢ ᠲᠠᠯᠠᠢ ᠶᠢᠨ ᠢᠳᠡᠬᠡᠨ ᠤᠯᠠᠰᠢᠷᠠᠵᠦ ᠪᠠᠶᠢᠨ᠎ᠠ ᠬᠡᠵᠤ ᠠᠮᠧᠷᠢᠺᠠ ᠶᠢᠨ ᠰᠤᠳᠤᠯᠭᠠᠳᠠᠳ ᠤᠢᠢᠷ᠎ᠠ ᠳᠤ ᠢᠯᠡᠷᠡᠬᠦᠯᠵᠡᠢ᠃ ᠡᠳᠡᠬᠡᠷ ᠬᠤᠤᠷᠳᠠᠢ ᠲᠠᠯᠠᠢ ᠶᠢᠨ ᠢᠳᠡᠬᠡᠨ ᠢ ᠢᠳᠡᠪᠡᠯ᠂ ᠬᠦᠮᠤᠨ ᠤ ᠴᠡᠬᠡᠵᠢᠯᠡᠬᠦ ᠴᠢᠳᠠᠪᠤᠷᠢ ᠮᠠᠭᠤᠳᠠᠬᠤ ᠮᠦᠷᠲᠡᠬᠡᠨ ᠰᠢᠩᠬᠡᠬᠡᠯᠳᠡ ᠶᠢᠨ ᠰᠢᠰᠲ᠋ᠧᠮ ᠤᠨ ᠡᠪᠡᠳᠴᠢᠨ ᠳᠤ ᠨᠡᠷᠪᠡᠭ᠍ᠳᠡᠬᠦ ᠠᠶᠤᠯᠳᠠᠢ᠃

    ᠤᠷᠧᠭᠠᠨ ᠶᠡᠭᠡ ᠰᠤᠷᠭᠠᠭᠤᠯᠢ ᠠᠴᠠ ᠵᠤᠬᠢᠶᠠᠨ ᠪᠠᠶᠢᠭᠤᠯᠤᠬᠰᠠᠨ ᠤᠯᠠᠨ ᠤᠯᠤᠰ ᠤᠨ ᠰᠤᠳᠤᠯᠭᠠᠨ ᠤ ᠪᠦᠯᠬᠦᠮ ᠤᠨ ᠬᠢᠨ᠂ ᠤᠢᠢᠷ᠎ᠠ ᠶᠢᠨ 20 ᠵᠢᠯ ᠤᠨ ᠲᠤᠷᠰᠢᠬᠢ ᠲᠠᠯᠠᠢ ᠲᠠᠩᠬᠢᠰ ᠤᠨ ᠲᠤᠬᠠᠢ ᠮᠠᠲ᠋ᠧᠷᠢᠶᠠᠯ ᠢ ᠵᠠᠳᠠᠯᠤᠭᠠᠳ᠂ ᠲᠠᠯᠠᠢ ᠶᠢᠨ ᠤᠰᠤᠨ ᠤ ᠲᠤᠯᠠᠭᠠᠨ ᠤ ᠬᠡᠮᠵᠢᠶ᠎ᠠ ᠦᠨᠳᠦᠷ ᠪᠤᠯᠬᠤ ᠲᠤᠰᠤᠮ ᠮᠦᠭᠡᠷᠡᠰᠦᠳᠦ ᠲᠠᠯᠠᠢ ᠶᠢᠨ ᠵᠠᠮᠠᠭ ᠤᠨ ᠬᠤᠤᠷ ᠨᠡᠩ ᠶᠡᠭᠡ ᠭᠡᠳᠡᠭ ᠢ ᠮᠡᠳᠡᠵᠡᠢ᠃ ᠮᠦᠭᠡᠷᠡᠰᠦᠳᠦ ᠲᠠᠯᠠᠢ ᠶᠢᠨ ᠵᠠᠮᠠᠭ ᠤᠨ ᠬᠤᠤᠷ ᠢᠳᠡᠰᠢᠨ ᠬᠢᠨᠵᠢ ᠪᠠᠷ ᠲᠠᠮᠵᠢᠨ ᠵᠢᠭᠠᠰᠦ ᠪᠤᠯᠤᠨ ᠬᠢᠰᠤᠭ᠎ᠠ ᠶᠢᠨ ᠲᠦᠷᠦᠯ ᠤᠨ ᠠᠮᠢᠳᠠᠨ ᠤ ᠪᠡᠶ᠎ᠠ ᠳᠤ ᠰᠢᠩᠬᠡᠨ᠂ ᠡᠬᠦᠨ ᠤ ᠤᠯᠠᠮ ᠢᠶᠠᠷ ᠲᠠᠯᠠᠢ ᠶᠢᠨ ᠤᠰᠤᠨ ᠤ ᠡᠷᠡᠬᠦᠯ ᠤᠷᠴᠢᠨ ᠢ ᠪᠤᠬᠢᠷᠳᠤᠭᠤᠯᠵᠦ᠂ ᠲᠠᠯᠠᠢ ᠶᠢᠨ ᠠᠮᠢᠳᠤ ᠪᠤᠳᠠᠰ ᠢ ᠬᠤᠤᠷᠳᠠᠭᠤᠯᠳᠠᠭ᠃ ᠬᠦᠮᠦᠨ ᠲᠦᠷᠦᠯᠬᠢᠳᠡᠠ ᠬᠡᠷᠪᠡ ᠡᠳᠡᠬᠡᠷ ᠬᠤᠤᠷᠳᠠᠭᠳᠠᠭᠰᠠᠨ ᠬᠦᠨ ᠲᠠᠯᠠᠢ ᠶᠢᠨ ᠠᠮᠢᠳᠤ ᠪᠤᠳᠠᠰ ᠢ ᠢᠳᠡᠬᠦ ᠳᠤ ᠬᠦᠷᠪᠡᠯ ᠪᠦᠬᠡᠯᠵᠢᠬᠦ᠂ ᠰᠠᠭᠤᠯᠭᠠᠬᠤ᠂ ᠲᠤᠯᠤᠭᠠᠢ ᠡᠪᠡᠳᠬᠦ᠂ ᠪᠡᠶ᠎ᠠ ᠲᠠᠮᠢᠷᠳᠠᠬᠤ ᠵᠡᠷᠬᠡ ᠪᠠᠶᠢᠳᠠᠯ ᠢᠯᠡᠷᠡᠨ᠎ᠠ᠃

    《ᠲᠠᠯᠠᠢ ᠶᠢᠨ ᠤᠰᠤᠨ ᠤ ᠲᠤᠯᠠᠭᠠᠨ ᠤ ᠬᠡᠮᠵᠢᠶ᠎ᠠ ᠨᠡᠮᠡᠭᠳᠡᠭᠰᠡᠨ ᠨᠢ ᠡᠯ ᠨᠢᠨᠣ᠋ ᠦᠵᠡᠭᠳᠡᠯ ᠪᠤᠯᠤᠨ ᠨᠤᠮᠤᠬᠠᠨ ᠲᠠᠯᠠᠢ ᠶᠢᠨ ᠤᠰᠤᠨ ᠤ ᠲᠤᠯᠠᠭᠠᠨ ᠤ ᠬᠡᠮᠵᠢᠶ᠎ᠠ ᠤᠷᠳᠤ ᠬᠤᠭᠤᠴᠠᠭ᠎ᠠ ᠪᠠᠷ ᠲᠤᠭᠳᠠᠭᠤᠨ ᠪᠤᠰᠦ ᠪᠠᠶᠢᠳᠠᠯ ᠳᠤ ᠤᠷᠤᠬᠰᠠᠨ ᠠᠴᠠ ᠪᠤᠯᠵᠠᠢ》 ᠬᠡᠵᠦ ᠰᠤᠳᠤᠯᠭᠠᠳᠠᠳ ᠦᠵᠡᠵᠦ ᠪᠠᠶᠢᠨ᠎ᠠ᠃

ᠢᠷᠡᠯᠳᠡ᠄ ᠲᠤᠮᠳᠠᠳᠤ ᠤᠯᠤᠰ ᠤᠨ ᠮᠤᠩᠭ᠋ᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120556170