蒙古文网站Logo
ᠰᠢᠨᠬᠤᠸᠠ ᠮᠤᠩᠭ᠋ᠤᠯ ᠨᠧᠲ

ᠡᠳᠦᠷ ᠪᠤᠷᠢ ᠨᠢᠬᠡ ᠴᠤᠮᠤ ᠴᠠᠢ ᠤᠤᠭᠤᠪᠠᠯ ᠨᠠᠰᠤᠲᠠᠶᠢᠴᠤᠳ ᠤᠨ ᠮᠡᠨᠡᠭ ᠡᠪᠡᠳᠴᠢᠨ ᠢ ᠰᠡᠷᠭᠡᠶᠢᠯᠡᠬᠦ ᠳᠤ ᠲᠤᠰᠠ ᠪᠤᠯᠤᠨ᠎ᠠ

2017-03-21 16:19

    ᠰᠢᠩ᠋ᠭᠠᠫᠤᠷ ᠤᠨ ᠰᠤᠳᠤᠯᠤᠭᠠᠴᠢ ᠶᠢᠨ ᠢᠯᠡᠷᠡᠭᠦᠯᠦᠭᠰᠡᠨ ᠢᠶᠡᠷ᠂ ᠡᠳᠦᠷ ᠪᠤᠷᠢ ᠨᠢᠬᠡ ᠴᠤᠮᠤ ᠴᠠᠢ ᠤᠤᠭᠤᠪᠠᠯ ᠨᠠᠰᠤᠲᠠᠶᠢᠴᠤᠳ ᠤᠨ ᠮᠡᠨᠡᠭ ᠡᠪᠡᠳᠴᠢᠨ ᠢ ᠰᠡᠷᠭᠡᠶᠢᠯᠡᠬᠦ ᠳᠤ ᠲᠤᠰᠠ ᠪᠤᠯᠤᠨ᠎ᠠ᠃

    ᠰᠢᠩ᠋ᠭᠠᠫᠤᠷ ᠤᠨ ᠤᠯᠤᠰ ᠤᠨ ᠶᠡᠬᠡ ᠰᠤᠷᠭᠠᠭᠤᠯᠢ ᠶᠢᠨ ᠠᠯᠪᠠᠨ ᠨᠧᠲ ᠤᠨ 16 ᠤ ᠡᠳᠦᠷ ᠮᠡᠳᠡᠭᠡᠯᠡᠭᠰᠡᠨ ᠰᠤᠳᠤᠯᠭᠠᠨ ᠤ ᠳ᠋ᠦᠩ ᠳᠤ᠂ ᠡᠳᠦᠷ ᠪᠤᠷᠢ ᠨᠢᠬᠡ ᠴᠤᠮᠤ ᠨᠤᠭᠤᠭᠠᠨ ᠴᠠᠢ᠂ ᠬᠠᠷ᠎ᠠ ᠴᠠᠢ ᠂ ᠡᠦ ᠯᠦᠩ ᠴᠠᠢ ᠪᠤᠶᠤ ᠪᠤᠰᠤᠳ ᠴᠠᠢ  ᠶᠢᠨ ᠨᠠᠪᠴᠢ ᠶᠢ ᠴᠢᠢᠯᠡᠡ ᠤᠤᠭᠤᠪᠠᠯ ᠲᠠᠨᠢᠨ ᠮᠡᠳᠡᠬᠦᠢ ᠴᠢᠳᠠᠮᠵᠢ ᠶᠢ ᠬᠠᠷᠰᠢᠯᠠᠬᠤ ᠠᠶᠤᠯ ᠲᠦᠭᠰᠢᠭᠦᠷᠢ ᠶᠢ 50% ᠪᠡᠷ ᠪᠠᠭᠤᠷᠠᠭᠤᠯᠵᠤ ᠴᠢᠳᠠᠨ᠎ᠠ᠃ ᠲᠡᠳᠡᠭᠡᠷ 《ᠮᠡᠨᠡᠭ ᠡᠪᠡᠳᠴᠢᠨ ᠤ ᠬᠧᠨ》 ᠲᠡᠢ ᠬᠦᠮᠦᠰ ᠡᠳᠦᠷ ᠪᠤᠷᠢ ᠨᠢᠬᠡ ᠴᠤᠮᠤ ᠴᠠᠢ ᠤᠤᠭᠤᠪᠠᠯ ᠲᠠᠨᠢᠨ ᠮᠡᠳᠡᠬᠦᠢ ᠴᠢᠳᠠᠮᠵᠢ ᠶᠢ ᠨᠢ ᠬᠠᠷᠰᠢᠯᠠᠬᠤ ᠠᠶᠤᠯ ᠲᠦᠭᠰᠢᠭᠦᠷᠢ ᠶᠢ 86% ᠪᠡᠷ ᠪᠠᠭᠤᠷᠠᠭᠤᠯᠵᠤ ᠴᠢᠳᠠᠨ᠎ᠠ᠃ ᠰᠤᠳᠤᠯᠭᠠᠨ ᠤ ᠳ᠋ᠦᠩ ᠢ 《ᠰᠢᠮ᠎ᠠ ᠲᠡᠵᠢᠬᠡᠯ᠂ ᠡᠷᠡᠭᠦᠯ ᠮᠡᠨᠳᠤ ᠪᠠ ᠨᠠᠰᠤᠵᠢᠯᠲᠠ ᠶᠢᠨ ᠰᠡᠳᠬᠦᠯ》 ᠳᠤ ᠬᠡᠪᠯᠡᠨ ᠨᠡᠶᠢᠲᠠᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120667480