蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠶᠡᠬᠡ ᠲᠡᠭᠡᠳᠦ ᠰᠤᠷᠭᠠᠭᠤᠯᠢ ᠶᠢᠨ ᠤᠶᠤᠲᠠᠳ ᠤᠨ ᠰᠡᠳᠬᠢᠴᠡ ᠶᠢᠨ ᠡᠷᠡᠬᠦᠯ ᠮᠡᠨᠳᠦ ᠶᠢᠨ ᠬᠦᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ

2017-04-18 17:12

    4 ᠰᠠᠷ᠎ᠠ ᠶᠢᠨ 17 ᠤ ᠡᠲᠦᠷ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠡ ᠭᠤᠤᠯᠯᠠᠨ ᠡᠷᠬᠢᠯᠡᠵᠦ᠂ ᠦᠪᠦᠷ ᠮᠤᠩᠭ᠋ᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠡᠴᠡ ᠲᠠᠭᠠᠭᠠᠴᠢᠯᠠᠨ ᠡᠷᠬᠢᠯᠡᠭᠰᠡᠨ 《 ᠪᠠᠶ᠎ᠠ ᠰᠡᠳᠬᠢᠴᠡ ᠶᠢᠨ ᠡᠷᠡᠬᠦᠯ ᠮᠡᠨᠳᠦ ᠶᠢ ᠬᠠᠯᠠᠮᠵᠢᠯᠠᠵᠤ ᠨᠠᠷᠠᠨ ᠬᠡᠷᠡᠯᠲᠦ ᠰᠤᠷᠭᠠᠭᠤᠯᠢ ᠶᠢᠨ ᠬᠦᠷᠢᠶ᠎ᠠ ᠶᠢ ᠬᠠᠮᠲᠤᠪᠡᠷ ᠪᠠᠢᠢᠭᠤᠯᠤᠶ᠎ᠠ》ᠭᠡᠬᠦ ᠭᠤᠤᠯ ᠰᠡᠳᠦᠪ ᠪᠦᠬᠦᠢ ᠪᠦᠬᠦ ᠤᠷᠤᠨ ᠤ ᠶᠡᠬᠡ ᠲᠡᠭᠡᠳᠦ ᠰᠤᠷᠭᠠᠭᠤᠯᠢ ᠶᠢᠨ ᠤᠶᠤᠲᠠᠳ ᠤᠨ ᠰᠡᠳᠬᠢᠴᠡ ᠶᠢᠨ ᠡᠷᠡᠬᠦᠯ ᠮᠡᠨᠳᠦ ᠶᠢᠨ ᠬᠦᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ᠃

    ᠡᠬᠢᠯᠡᠯᠲᠡ ᠶᠢᠨ ᠶᠤᠰᠤᠯᠠᠯ ᠳ᠋ᠤ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠲᠢᠩᠬᠢᠮ ᠤᠨ ᠬᠠᠷᠢᠭᠤᠴᠠᠯᠭᠠᠲᠠᠨ ᠡᠴᠡ᠂ ᠤᠶᠤᠲᠠᠳ ᠤᠨ ᠰᠡᠳᠬᠢᠴᠡ ᠶᠢᠨ ᠡᠷᠡᠬᠦᠯ ᠮᠡᠨᠲᠦ ᠶᠢᠨ ᠬᠦᠮᠦᠵᠢᠯ ᠤᠨ ᠪᠠᠢᠢᠭᠤᠯᠤᠯᠲᠠ ᠶᠢ ᠦᠨᠡᠨ ᠬᠦ ᠴᠢᠩᠭ᠋ᠠᠳᠬᠠᠬᠤ ᠬᠡᠷᠡᠭᠲᠡᠢ᠂ ᠪᠠᠢᠢᠴᠠᠭᠠᠵᠤ ᠤᠢᠢᠯᠠᠭᠠᠭᠰᠠᠨ ᠶᠢᠡᠷ ᠤᠲᠤᠬᠠᠨ ᠳ᠋ᠤ ᠤᠨᠴᠠ ᠵᠠᠷᠢᠮ ᠰᠤᠷᠭᠠᠭᠤᠯᠢ ᠰᠡᠳᠬᠢᠴᠡ ᠶᠢᠨ ᠡᠷᠡᠬᠦᠯ ᠮᠡᠨᠳᠦ ᠶᠢᠨ ᠰᠤᠷᠭᠠᠨ ᠬᠦᠮᠦᠵᠢᠯ ᠤᠨ ᠬᠢᠴᠢᠶᠡᠯ ᠨᠡᠬᠡᠬᠡᠬᠡᠲᠦᠢ᠂ ᠰᠡᠳᠬᠢᠴᠡ ᠶᠢᠨ ᠡᠷᠡᠬᠦᠯ ᠮᠡᠨᠳᠦ ᠶᠢᠨ ᠵᠦᠪᠯᠡᠮᠵᠢ ᠶᠢᠨ ᠲᠦᠪ ᠪᠠᠢᠢᠭᠤᠯᠤᠭ᠎ᠠ ᠦᠭᠡᠢ᠂ ᠵᠠᠷᠢᠮ ᠰᠤᠷᠭᠠᠭᠤᠯᠢ ᠡᠨᠡ ᠲᠠᠯ᠎ᠠ ᠪᠡᠷ ᠬᠦᠨᠳᠦᠳᠭᠡᠨ ᠦᠵᠡᠬᠦ ᠦᠭᠡᠢ ᠪᠠᠢᠢᠭᠰᠠᠭᠠᠷ᠂ 3 ᠲᠦᠮᠡ ᠰᠢᠬᠠᠮ ᠰᠤᠷᠤᠭᠴᠢ ᠲᠠᠢ ᠵᠠᠷᠢᠮ ᠦᠨᠳᠦᠰᠦᠨ ᠠᠩᠬᠢ ᠶᠢᠨ ᠶᠡᠬᠡ ᠲᠡᠭᠡᠳᠦ ᠰᠤᠷᠭᠠᠭᠤᠯᠢ ᠭᠠᠬᠴᠠᠬᠠᠨ ᠰᠡᠳᠬᠢᠴᠡ ᠶᠢᠨ ᠡᠷᠡᠬᠦᠯ ᠮᠡᠨᠳᠦ ᠶᠢᠨ ᠬᠦᠮᠦᠵᠢᠯ ᠤᠨ ᠪᠠᠭᠰᠢ ᠲᠠᠢ ᠴᠤ ᠪᠤᠢ᠂ ᠡᠯ᠎ᠡ ᠶᠡᠬᠡ ᠲᠡᠭᠡᠳᠦ ᠰᠤᠷᠭᠠᠭᠤᠯᠢ ᠶᠢᠨ ᠬᠢᠨ ᠰᠤᠷᠭᠠᠨ ᠬᠦᠮᠦᠵᠢᠯ ᠤᠨ ᠶᠠᠮᠤᠨ ᠤ ᠱᠠᠭᠠᠷᠲᠠᠯᠭ᠎ᠠ ᠶᠤᠰᠤᠭᠠᠷ᠂ ᠬᠢᠴᠢᠶᠠᠯ ᠤᠨ ᠠᠭᠤᠯᠭ᠎ᠠ ᠪᠠᠨ ᠰᠢᠨᠵᠢᠯᠡᠬᠦ ᠤᠬᠠᠭᠠᠨᠴᠢ ᠪᠡᠷ ᠲᠤᠬᠢᠷᠠᠭᠤᠯᠵᠤ᠂ ᠪᠠᠭᠰᠢ ᠪᠠᠨ ᠵᠦᠢ ᠵᠤᠬᠢᠰᠲᠠᠢ ᠲᠤᠬᠢᠷᠠᠭᠤᠯᠵᠤ᠂ ᠵᠢᠭᠠᠨ ᠰᠤᠷᠭᠠᠯᠲᠠ ᠶᠢᠨ ᠠᠷᠭ᠎ᠠ ᠪᠠᠨ ᠰᠢᠯᠢᠲᠡᠭᠵᠢᠬᠦᠯᠵᠦ᠂ ᠬᠢᠴᠢᠶᠠᠯ ᠤᠨ ᠵᠢᠭᠠᠨ ᠰᠤᠷᠭᠠᠯᠲᠠ ᠶᠢᠨ ᠭᠤᠤᠯ ᠠᠷᠭ᠎ᠠ ᠵᠠᠮ ᠤᠨ ᠦᠢᠯᠡᠳᠦᠯ ᠢ ᠪᠠᠲᠠᠷᠠᠭᠤᠯᠵᠤ᠂ ᠤᠶᠤᠲᠠᠳ ᠤᠨ ᠪᠠᠶ᠎ᠠ ᠰᠡᠳᠬᠢᠴᠡ ᠶᠢᠨ ᠲᠦᠭᠡᠷᠢᠭᠳᠡᠯ ᠢ ᠢᠲᠡᠪᠬᠢᠲᠡᠢ ᠰᠢᠢᠳᠪᠦᠷᠢᠯᠡᠵᠦ᠂ ᠤᠶᠤᠲᠠᠳ ᠤᠨ ᠪᠠᠶ᠎ᠠ ᠰᠡᠳᠬᠢᠴᠡ ᠶᠢᠨ ᠠᠰᠠᠭᠤᠲᠠᠯ ᠡᠭᠦᠰᠬᠦ ᠶᠢ ᠪᠦᠲᠦᠮᠵᠢᠲᠡᠢ ᠰᠡᠷᠭᠡᠢᠢᠯᠡᠵᠦ᠂ ᠤᠶᠤᠲᠠᠳ ᠤᠨ ᠦᠵᠡᠯ ᠰᠠᠨᠠᠭ᠎ᠠ ᠶᠤᠰᠤ ᠰᠤᠷᠲᠠᠬᠤᠨ ᠤ ᠬᠡᠪ ᠪᠤᠯᠪᠠᠰᠤᠷᠠᠯ᠂ ᠰᠢᠨᠵᠢᠯᠡᠬᠦ ᠤᠬᠠᠭᠠᠨ ᠰᠤᠶᠤᠯ ᠤᠨ ᠬᠡᠪ ᠪᠤᠯᠪᠠᠰᠤᠷᠠᠯ᠂ ᠪᠠᠶ᠎ᠠ ᠰᠡᠳᠬᠢᠴᠡ ᠶᠢᠨ ᠡᠷᠡᠬᠦᠯ ᠮᠡᠨᠳᠦ ᠶᠢᠨ ᠪᠤᠯᠪᠠᠰᠤᠷᠠᠯ ᠢ ᠬᠠᠮᠲᠤ ᠳ᠋ᠤᠨᠢ ᠲᠡᠭᠡᠭ᠍ᠰᠢᠯᠡᠬᠦᠯᠬᠦ ᠬᠡᠷᠡᠭᠲᠡᠢ᠂ ᠤᠶᠤᠲᠠᠳ ᠤᠨ ᠰᠡᠳᠬᠢᠴᠡ ᠶᠢᠨ ᠡᠷᠡᠬᠦᠯ ᠮᠡᠨᠳᠦ ᠶᠢᠨ ᠬᠦᠮᠦᠵᠢᠯ ᠤᠨ ᠡᠩᠨᠡᠭᠡᠨ ᠤ ᠪᠠᠢᠢᠭᠤᠯᠤᠯᠲᠠ ᠶᠢ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120832102