蒙古文网站Logo
ᠰᠢᠨᠬᠤᠸᠠ ᠮᠤᠩᠭ᠋ᠤᠯ ᠨᠧᠲ

ᠡᠳᠦᠷ ᠪᠦᠷᠢ ᠨᠢᠬᠡ ᠦᠨᠳᠡᠭᠡ ᠢᠳᠡᠪᠡᠯ ᠬᠡᠤᠬᠡᠳ ᠤᠨ ᠪᠤᠶᠢᠵᠢᠯᠲᠠ ᠳᠤ ᠰᠠᠶᠢᠨ

2017-06-28 10:13

    ᠤᠶᠢᠯᠠᠭᠠᠭᠰᠠᠨ ᠢᠶᠡᠷ᠂ ᠳᠡᠯᠡᠬᠡᠢ ᠳᠠᠶᠠᠭᠠᠷ ᠤᠨ 5 ᠨᠠᠰᠤᠨ ᠡᠴᠡ ᠳᠤᠷᠤᠭᠰᠢᠬᠢ ᠪᠠᠭᠠᠴᠤᠳ ᠤᠨ ᠳᠤᠮᠳᠠ ᠳᠦᠷᠪᠡᠨ ᠤ ᠨᠢᠬᠡ ᠬᠤᠪᠢ ᠶᠢᠨ ᠪᠠᠭᠠᠴᠤᠳ ᠤᠨ ᠪᠤᠶᠢᠵᠢᠯᠲᠠ ᠡᠷᠡᠬᠦᠯ ᠪᠤᠰᠤ ᠪᠠᠶᠢᠳᠠᠭ᠃ ᠳᠡᠳᠡᠨᠠᠷ ᠤᠨ ᠤᠯᠠᠩᠬᠢ ᠨᠢ ᠲᠦᠷᠦᠭᠡᠳ 1000 ᠡᠳᠦᠷ ᠤᠨ ᠳᠤᠲᠤᠷ᠎ᠠ ᠰᠢᠮ᠎ᠠ ᠳᠡᠵᠢᠬᠡᠯ ᠲᠤᠳᠠᠬᠳᠠᠬᠰᠠᠨ ᠡᠴᠡ ᠦᠰᠦᠨ ᠪᠤᠶᠢᠵᠢᠯᠲᠠ ᠳᠤ ᠨᠢ ᠰᠠᠭᠠᠳ ᠲᠠᠢ ᠪᠤᠯᠵᠤ᠂ ᠪᠡᠶ᠎ ᠠ ᠶᠢᠨ ᠦᠨᠳᠦᠷ ᠪᠠ ᠪᠡᠶ᠎ᠠ ᠶᠢᠨ ᠬᠦᠨᠳᠤ ᠨᠢ ᠪᠠᠷᠢᠮᠵᠢᠶ᠎ᠠ ᠡᠴᠡ ᠳᠤᠤᠷ᠎ᠠ ᠪᠤᠯᠤᠨ᠎ᠠ᠃ ᠠᠮᠧᠷᠢᠺᠠ ᠶᠢᠨ ᠸᠠᠰᠢᠩᠲ᠋ᠤᠨ ᠶᠡᠬᠡ ᠰᠤᠷᠭᠠᠭᠤᠯᠢ ᠶᠢᠨ ᠰᠢᠨ᠎ᠠ ᠰᠤᠳᠤᠯᠤᠯᠲᠠ ᠳᠤ᠂ 6 ~ 9 ᠰᠠᠷ᠎ᠠ ᠶᠢᠨ ᠨᠢᠯᠬ᠎ᠠ ᠬᠡᠤᠬᠡᠳ ᠬᠡᠷᠪᠡ ᠵᠢᠷᠭᠤᠭᠠᠨ ᠰᠠᠷ᠎ᠠ ᠦᠷᠭᠦᠯᠵᠢᠯᠡᠨ ᠡᠳᠦᠷ ᠪᠦᠷᠢ ᠨᠢᠬᠡ ᠦᠨᠳᠡᠭᠡ ᠢᠳᠡᠪᠡᠯ ᠪᠤᠶᠢᠵᠢᠯᠲᠠ ᠡᠷᠡᠬᠦᠯ ᠪᠤᠰᠤ ᠨᠤᠷᠮ᠎ᠠ ᠶᠢ ᠬᠠᠭᠠᠰ ᠢᠶᠡᠷ ᠪᠠᠭᠠᠰᠬᠠᠵᠤ ᠴᠢᠳᠠᠨ᠎ᠠ ᠬᠡᠵᠡᠢ᠃

    ᠦᠨᠳᠡᠭᠡ ᠢᠳᠡᠪᠡᠯ ᠬᠡᠤᠬᠡᠳ ᠤᠨ ᠪᠡᠶ᠎ᠠ ᠶᠢᠨ ᠪᠤᠶᠢᠵᠢᠯᠲᠠ  ᠶᠢ ᠨᠦᠯᠦᠬᠡᠯᠠᠨ᠎ᠠ ᠬᠡᠬᠦ ᠳ᠋ᠦᠩᠨᠡᠯᠲᠠ ᠶᠢ ᠰᠤᠳᠤᠯᠬᠤ ᠪᠡᠷ ᠰᠤᠳᠤᠯᠤᠭᠴᠢ ᠨᠢᠬᠡ ᠪᠦᠯᠦᠭ 6 ~ 9 ᠰᠠᠷ᠎ᠠ ᠶᠢᠨ ᠨᠢᠯᠬ᠎ᠠ ᠬᠡᠤᠬᠡᠳ ᠢ ᠡᠷᠢᠵᠤ᠂ ᠳᠠᠰᠢᠷᠠᠮ ᠢᠶᠡᠷ ᠬᠤᠶᠠᠷ ᠪᠠᠭ ᠬᠤᠪᠢᠶᠠᠨ᠂ ᠨᠢᠬᠡ ᠪᠠᠭ ᠢ ᠨᠢ ᠵᠢᠷᠭᠤᠭᠠᠨ ᠰᠠᠷ᠎ᠠ ᠦᠷᠭᠦᠯᠵᠢᠯᠡᠨ ᠡᠳᠦᠷ ᠪᠦᠷᠢ ᠨᠢᠬᠡ ᠦᠨᠳᠡᠭᠡ ᠢᠳᠡᠬᠦᠯᠤᠭ᠍ᠰᠠᠨ ᠪᠠᠶᠢᠨ᠎ᠠ᠃

    ᠢᠩᠬᠢᠬᠡᠳ ᠤᠯᠵᠤ ᠮᠡᠳᠡᠭᠰᠡᠨ ᠨᠢ᠂ ᠦᠨᠳᠡᠭᠡ ᠢᠳᠡᠬᠦ ᠦᠬᠡᠢ ᠬᠡᠤᠬᠡᠳ ᠤᠳ ᠲᠠᠢ ᠠᠳᠠᠯᠢᠳᠬᠠᠪᠠᠯ ᠡᠳᠦᠷ ᠪᠦᠷᠢ ᠨᠢᠬᠡ ᠦᠨᠳᠡᠭᠡ ᠢᠳᠡᠭᠰᠡᠨ ᠬᠡᠤᠬᠡᠳ ᠤᠨ ᠪᠡᠶ᠎ᠠ ᠶᠢᠨ ᠦᠨᠳᠦᠷ ᠪᠠ ᠪᠡᠶ᠎ᠠ ᠶᠢᠨ ᠬᠦᠨᠳᠤ ᠨᠢ ᠨᠡᠩ ᠢᠯᠡᠬᠦᠦ ᠪᠠᠷᠢᠮᠵᠢᠶ᠎ᠠ ᠳᠤ ᠬᠦᠷᠴᠤ᠂ ᠪᠤᠶᠢᠵᠢᠯᠲᠠ ᠡᠷᠡᠬᠦᠯ ᠪᠤᠰᠤ ᠪᠠ ᠪᠡᠶ᠎ᠠ ᠶᠢᠨ ᠬᠦᠨᠳᠤ ᠬᠡᠲᠤ ᠬᠦᠩᠬᠡᠨ ᠪᠤᠯᠬᠤ ᠨᠣᠷᠮ᠎ᠠ ᠨᠢ ᠲᠤᠰᠪᠤᠷᠢ 47% ᠂ 74% ᠪᠡᠷ ᠪᠠᠭᠤᠷᠠᠵᠠᠢ᠃

ᠢᠷᠡᠯᠳᠡ᠄ ᠠᠷᠠᠳ ᠤᠨ ᠰᠦᠯᠵᠢᠶ ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121224931