蒙古文网站Logo
ᠰᠢᠨᠬᠤᠸᠠ ᠮᠤᠩᠭ᠋ᠤᠯ ᠨᠧᠲ

《ᠮᠤᠩ᠋ᠭᠤᠯ ᠠᠨᠠᠭᠠᠬᠤ ᠤᠬᠠᠭᠠᠨ ᠤ ᠮᠤᠩ᠋ᠭᠤᠯ ᠬᠢᠲᠠᠳ ᠨᠡᠷ᠎ᠡ ᠲᠤᠮᠢᠶ᠎ᠡ ᠶᠢᠨ ᠲᠤᠯᠢ》 ᠬᠡᠪᠯᠡᠭᠳᠡᠯ᠎ᠠ

2017-08-04 15:39

    ᠦᠪᠦᠷ ᠮᠤᠩ᠋ᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠦᠷᠦᠨᠲᠦᠶᠠᠭ᠎ᠠ ᠶᠢᠨ ᠡᠷᠬᠢᠯᠡᠵᠤ ᠨᠠᠶᠢᠷᠠᠭᠤᠯᠤᠭᠰᠠᠨ 《ᠮᠤᠩ᠋ᠭᠤᠯ ᠠᠨᠠᠭᠠᠬᠤ ᠤᠬᠠᠭᠠᠨ ᠤ ᠮᠤᠩᠭ᠋ᠤᠯ ᠬᠢᠲᠠᠳ ᠨᠡᠷ᠎ᠡ ᠲᠤᠮᠢᠶ᠎ᠠ ᠶᠢᠨ ᠲᠤᠯᠢ》ᠤᠶᠢᠷ᠎ᠠ ᠳᠤ ᠬᠡᠪᠯᠡᠭᠳᠡᠭᠰᠡᠨ ᠢᠶᠡᠷ ᠮᠤᠩ᠋ᠭᠤᠯ ᠠᠨᠠᠭᠠᠬᠤ ᠤᠬᠠᠭᠠᠨ ᠤ ᠰᠠᠭᠤᠷᠢ ᠰᠤᠳᠤᠯᠭᠠᠨ ᠤ ᠬᠦᠷᠢᠶ᠎ᠡ ᠴᠠᠷᠠᠭ᠎ᠠ ᠳᠡᠬᠢ ᠮᠤᠩ᠋ᠭᠤᠯ ᠬᠢᠲᠠᠳ ᠬᠤᠶᠠᠷ ᠬᠡᠯᠡᠨ ᠤ ᠲᠤᠯᠢ ᠪᠠᠶᠢᠭᠰᠠᠨ ᠦᠭᠡᠢ ᠲᠡᠤᠬᠡ ᠶᠢ ᠡᠴᠤᠰᠯᠠᠭᠦᠯᠤᠭ᠍ᠰᠠᠨ ᠪᠦᠭᠡᠳ ᠮᠤᠩᠭ᠋ᠤᠯ ᠠᠨᠠᠭᠠᠬᠤ ᠤᠬᠠᠭᠠᠨ ᠤ ᠬᠦᠭ᠍ᠵᠢᠯᠲᠡ ᠶᠢᠨ ᠲᠡᠤᠬᠡᠨ ᠳᠤ ᠪᠡᠯᠭᠡ ᠲᠡᠮᠳᠡᠭ ᠤᠨ ᠴᠢᠨᠠᠷᠳᠠᠢ ᠪᠦᠲᠦᠭᠡᠯ ᠪᠤᠯᠤᠭᠰᠠᠨ ᠪᠠᠶᠢᠨ᠎ᠠ᠃

    ᠲᠤᠰ ᠲᠤᠯᠢ ᠳᠤ 13000 ᠭᠠᠷᠤᠢ ᠵᠤᠷᠪᠤᠰ ᠮᠤᠩ᠋ᠭᠤᠯ ᠠᠨᠠᠭᠠᠬᠤ ᠤᠬᠠᠭᠠᠨ ᠤ ᠦᠷᠭᠦᠯᠵᠢ ᠬᠡᠷᠡᠭᠯᠡᠳᠡᠭ ᠨᠡᠷ᠎ᠡ ᠲᠤᠮᠢᠶ᠎ᠠ ᠶᠢ ᠰᠤᠩᠭ᠋ᠤᠵᠤ ᠤᠷᠤᠭᠤᠯᠤᠬᠰᠠᠨ ᠢᠶᠡᠷ ᠤᠳᠤ ᠪᠤᠯᠲᠠᠯ᠎ᠠ ᠨᠡᠷ᠎ᠡ ᠲᠤᠮᠢᠶ᠎ᠠ ᠶᠢᠨ ᠢᠷᠡᠯᠲᠡ ᠬᠠᠮᠤᠭ ᠠᠴᠠ ᠨᠠᠶᠢᠳᠠᠪᠤᠷᠢᠲᠠᠢ᠂ ᠠᠭᠤᠯᠭ᠎ᠠ ᠪᠠᠷ ᠬᠠᠮᠤᠭ ᠤᠨ ᠪᠦᠷᠢᠨ᠂ ᠨᠡᠷ᠎ᠡ ᠲᠤᠮᠢᠶ᠎ᠠ ᠶᠢᠨ ᠵᠤᠷᠪᠤᠰ ᠬᠠᠮᠤᠭ ᠤᠨ ᠤᠯᠠᠨ᠂ ᠤᠷᠴᠢᠭᠤᠯᠭ᠎ᠠ ᠨᠢ ᠨᠡᠯᠢᠶᠡᠳ ᠤᠨᠤᠪᠴᠢᠲᠠᠢ ᠲᠤᠯᠢ ᠪᠢᠴᠢᠭ᠌ ᠪᠤᠯᠤᠭᠰᠠᠨ ᠤ ᠬᠤᠪᠢ ᠳᠤ ᠮᠤᠩᠭ᠋ᠤᠯ ᠠᠨᠠᠭᠠᠬᠤ ᠤᠬᠠᠭᠠᠨ ᠤ ᠵᠢᠭᠠᠨ ᠰᠤᠷᠭᠠᠯᠲᠠ᠂ ᠡᠮᠴᠢᠯᠡᠭᠡ᠂ ᠰᠤᠳᠤᠯᠭᠠᠨ ᠳᠤ ᠳᠤᠲᠠᠭᠳᠠᠵᠦ ᠪᠤᠯᠤᠰᠢ ᠦᠭᠡᠢ ᠬᠡᠷᠡᠭᠯᠡᠭᠡᠨ ᠤ ᠪᠢᠴᠢᠭ᠌ ᠪᠤᠯᠬᠤ ᠨᠢ ᠶᠠᠷᠢᠶᠠᠨ ᠦᠭᠡᠢ᠃

    ᠲᠤᠰ ᠲᠤᠯᠢ ᠶᠢᠨ ᠤᠨᠴᠠᠯᠢᠭ ᠪᠤᠶᠤ ᠪᠦᠲᠦᠭᠡᠯᠴᠢ ᠲᠠᠯ᠎ᠠ ᠶᠢ ᠲᠤᠤᠷᠠᠬᠢ ᠬᠡᠳᠦᠨ ᠲᠠᠯ᠎ᠠ ᠪᠠᠷ ᠬᠤᠷᠢᠶᠠᠩᠭ᠋ᠤᠢᠢᠯᠠᠵᠦ ᠪᠤᠯᠤᠨ᠎ᠠ᠃ ᠡᠩ ᠲᠡᠷᠢᠭᠦᠨ ᠳᠤ᠂ ᠨᠡᠷ᠎ᠡ ᠲᠤᠮᠢᠶ᠎ᠠ ᠶᠢᠨ ᠢᠷᠡᠯᠲᠡ ᠶᠢ 《ᠮᠤᠩᠭ᠋ᠤᠯ ᠤᠨ ᠨᠢᠭᠤᠴᠠ ᠲᠤᠪᠴᠢᠶᠠᠨ》᠂ 《ᠢᠳᠡᠭᠡᠨ ᠤᠮᠳᠠᠭᠠᠨ ᠤ ᠵᠢᠩᠬᠢᠨᠢ ᠲᠤᠪᠴᠢ》 ᠠᠴᠠ ᠡᠬᠢᠯᠡᠭᠡᠳ ᠬᠤᠶᠠᠷ ᠬᠡᠪᠯᠡᠯ ᠤᠨ ᠮᠤᠩᠭ᠋ᠤᠯ ᠠᠨᠠᠭᠠᠬᠤ ᠤᠬᠠᠭᠠᠨ ᠤ ᠨᠡᠪᠲᠡᠷᠬᠡᠢ ᠲᠤᠯᠢ ᠵᠢᠴᠢ ᠮᠤᠩᠭ᠋ᠤᠯ ᠠᠨᠠᠭᠠᠬᠤ ᠤᠬᠠᠭᠠᠨ ᠤ ᠶᠡᠭᠡ ᠳᠡᠭᠡᠲᠦ ᠰᠤᠷᠭᠠᠭᠤᠯᠢ ᠶᠢᠨ ᠵᠢᠭᠠᠬᠤ ᠪᠢᠴᠢᠭ᠌᠂ ᠡᠯ᠎ᠡ ᠲᠦᠷᠦᠯ ᠤᠨ ᠲᠦᠷᠢᠮᠵᠢᠯ ᠪᠠ ᠪᠠᠷᠢᠮᠵᠢᠶ᠎ᠠ ᠵᠡᠷᠭᠡ ᠮᠤᠩᠭ᠋ᠤᠯ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶ᠎ᠡ ᠴᠠᠷᠠᠭ᠎ᠠ ᠳᠤ ᠨᠡᠶᠢᠳᠡᠮ ᠮᠡᠳᠡᠷᠡᠭᠳᠡᠵᠦ ᠪᠠᠶᠢᠭ᠎ᠠ ᠵᠤᠬᠢᠶᠠᠯ ᠪᠦᠲᠦᠭᠡᠯ ᠤᠳ ᠠᠴᠠ ᠡᠰᠢ ᠠᠪᠤᠭᠰᠠᠨ ᠲᠤᠯᠠ ᠡᠨᠡᠬᠦ ᠲᠤᠯᠢ ᠪᠢᠴᠢᠭ᠌ ᠤᠨ ᠢᠲᠡᠭᠡᠮᠵᠢᠲᠦ ᠴᠢᠨᠠᠷ ᠪᠠ ᠬᠡᠷᠡᠭᠯᠡᠬᠡᠨ ᠤ ᠦᠨ᠎ᠡ ᠦᠷᠲᠡᠭ ᠢ ᠪᠠᠲᠤᠯᠠᠵᠦ ᠴᠢᠳᠠᠵᠠᠢ᠃ ᠲᠠᠷᠠᠭᠠᠯᠠᠪᠠᠯ᠂ ᠮᠤᠩᠭ᠋ᠤᠯ ᠠᠨᠠᠭᠠᠬᠤ ᠤᠬᠠᠭᠠᠨ ᠤ ᠨᠡᠷ᠎ᠡ ᠲᠤᠮᠢᠶ᠎ᠠ ᠶᠢᠨ ᠠᠩᠬᠠᠳᠠᠭᠴᠢ ᠮᠤᠩᠭ᠋ᠤᠯ ᠬᠢᠲᠠᠳ ᠬᠠᠪᠰᠤᠷᠭᠠᠠᠠᠰᠠᠨ ᠲᠤᠯᠢ ᠪᠢᠴᠢᠭ᠌ ᠤᠨ ᠬᠤᠪᠢ ᠳᠤ ᠤᠤᠯ ᠤᠨ ᠤᠷᠴᠢᠭᠤᠯᠭ᠎ᠠ ᠶᠢᠨ ᠵᠠᠷᠢᠮ ᠲᠠᠰᠢᠶ᠎ᠠ ᠵᠦᠢᠯᠡᠰ ᠢ ᠵᠠᠯᠠᠷᠠᠭᠤᠯᠬᠤ ᠪᠤᠶᠤ ᠤᠷᠴᠢᠭᠤᠯᠭ᠎ᠠ ᠶᠢ ᠲᠦᠷᠢᠮᠵᠢᠭᠦᠯᠬᠦ ᠲᠠᠯ᠎ᠠ ᠪᠠᠷ ᠨᠡᠯᠢᠶᠡᠳ ᠪᠦᠲᠦᠮᠵᠢᠲᠠᠢ ᠪᠤᠯᠵᠠᠢ᠃ ᠲᠠᠬᠢᠪᠠᠯ᠂ ᠲᠤᠯᠢ ᠪᠢᠴᠢᠭ᠌ ᠤᠨ ᠤᠯᠠᠩᠬᠢ ᠵᠤᠷᠪᠤᠰ ᠲᠤ ᠲᠦᠷᠦᠯᠵᠢᠭᠦᠯᠦᠯ ᠬᠠᠳᠠᠵᠦ ᠲᠤᠳᠤᠷᠬᠠᠢᠢᠯᠠᠬᠰᠠᠨ ᠪᠠᠶᠢᠨ᠎ᠠ᠃ ᠡᠨᠡ ᠨᠢ ᠮᠠᠰᠢ ᠰᠢᠨ᠎ᠡ ᠰᠡᠪᠡᠭᠦᠨ ᠠᠵᠢᠯ ᠪᠤᠯᠬᠤ ᠪᠦᠭᠡᠳ ᠲᠤᠯᠢ ᠠᠰᠢᠭᠯᠠᠭᠴᠢᠳ ᠲᠤ ᠵᠤᠷᠪᠤᠰ ᠤᠨ ᠤᠳᠬ᠎ᠠ ᠰᠠᠨᠠᠭ᠎ᠠ ᠶᠢ ᠰᠢᠭᠤᠳ ᠤᠢᠢᠯᠠᠭᠠᠬᠤ ᠳᠤ ᠲᠦᠭᠦᠮ ᠦᠵᠡᠭᠦᠯᠬᠦ ᠨᠢ ᠭᠠᠷᠴᠠᠭ᠎ᠠ ᠦᠭᠡᠢ᠃ ᠲᠦᠷᠪᠡ ᠳᠤ᠂ ᠲᠤᠰ ᠲᠤᠯᠢ ᠪᠢᠴᠢᠭ᠌ ᠤᠨ ᠵᠠᠷᠢᠮ ᠵᠤᠷᠪᠤᠰ ᠤᠨ ᠤᠷᠴᠢᠭᠤᠯᠭ᠎ᠠ ᠳᠤ ᠮᠤᠩᠭ᠋ᠤᠯ ᠰᠤᠶᠤᠯ ᠤᠨ ᠤᠤᠷ ᠴᠢᠨᠠᠷ ᠢ ᠬᠠᠳᠠᠭᠠᠯᠠᠬᠤ ᠶᠢᠨ ᠵᠡᠷᠭᠡᠪᠡᠷ ᠠᠨᠠᠭᠠᠬᠤ ᠤᠬᠠᠭᠠᠨ ᠤ ᠡᠭᠦᠳᠡᠨ ᠠᠴᠠ ᠤᠨᠤᠪᠴᠢᠲᠠᠢ ᠤᠷᠴᠢᠭᠤᠯᠬᠤ ᠵᠤᠷᠢᠯᠭ᠎ᠠ ᠪᠠᠷ ᠬᠤᠶᠠᠷ ᠵᠦᠢᠯ ᠤᠨ ᠬᠢᠲᠠᠳ ᠤᠷᠴᠢᠭᠤᠯᠭ᠎ᠠ ᠠᠪᠴᠠᠢ᠃ ᠲᠠᠪᠤ ᠳᠤ᠂ ᠮᠤᠩ᠋ᠭᠤᠯ ᠠᠨᠠᠭᠠᠬᠤ ᠤᠬᠠᠭᠠᠨ ᠤ ᠬᠡᠪᠰᠢᠮᠡᠯ ᠬᠡᠯᠡᠯᠭᠡ ᠳᠤ ᠵᠠᠷᠢᠮ ᠨᠢ ᠡᠩ ᠤᠨ ᠨᠡᠷ᠎ᠡ ᠲᠤᠮᠢᠶ᠎ᠠ ᠭᠡᠵᠦ ᠬᠡᠯᠡᠬᠦ ᠳᠤ ᠬᠦᠴᠢᠷᠲᠠᠢ ᠬᠤᠯᠪᠤᠭ᠎ᠠ ᠦᠭᠡ ᠪᠠᠷ ᠢᠯᠡᠷᠡᠬᠦ ᠴᠦ ᠪᠤᠢ᠂ ᠲᠡᠶᠢᠮᠦᠷᠬᠦ ᠴᠢᠬᠤᠯᠠᠴᠢᠯᠠᠭ᠎ᠠ ᠪᠦᠬᠦᠢ ᠵᠤᠷᠪᠤᠰ ᠤᠳ ᠢ ᠲᠤᠰ ᠲᠤᠯᠢ ᠳᠤ ᠰᠢᠭᠤᠳ ᠡᠮᠬᠢᠳᠬᠡᠨ ᠤᠷᠤᠭᠤᠯᠤᠭᠰᠠᠨ ᠨᠢ ᠲᠤᠯᠢ ᠶᠢᠨ ᠪᠦᠷᠢᠨ ᠪᠦᠲᠦᠨ ᠴᠢᠨᠠᠷ ᠢ ᠬᠠᠷᠠᠭᠤᠯᠵᠦ ᠴᠢᠳᠠᠵᠠᠢ᠃

    《ᠮᠤᠩᠭ᠋ᠤᠯ ᠠᠨᠠᠭᠠᠬᠤ ᠤᠬᠠᠭᠠᠨ ᠤ ᠮᠤᠩ᠋ᠭᠤᠯ ᠬᠢᠲᠠᠳ ᠨᠡᠷ᠎ᠡ ᠲᠤᠮᠢᠶ᠎ᠠ ᠶᠢᠨ ᠲᠤᠯᠢ》 ᠨᠢ ᠮᠤᠩᠭ᠋ᠤᠯ ᠡᠮᠨᠡᠯᠭᠡ ᠶᠢᠨ ᠤᠨᠤᠯ ᠤᠨ ᠰᠠᠭᠤᠷᠢ ᠰᠤᠳᠤᠯᠭ᠎ᠠ᠂ ᠨᠡᠷ᠎ᠡ ᠲᠤᠮᠢᠶᠠᠨ ᠤ ᠲᠦᠷᠢᠮᠵᠢᠯ᠂ ᠮᠤᠩᠭ᠋ᠤᠯ ᠠᠨᠠᠭᠠᠬᠤ ᠤᠬᠠᠭᠠᠨ ᠢ ᠴᠢᠨᠠᠭᠰᠢᠳᠠ ᠬᠦᠨᠵᠡᠭᠡᠶᠢᠷᠡᠭᠦᠯᠦᠨ ᠰᠤᠳᠤᠯᠬᠤ ᠳᠤ ᠪᠠᠳᠤ ᠪᠠᠬᠢ ᠰᠠᠭᠤᠷᠢ ᠲᠠᠯᠪᠢᠭᠰᠠᠨ ᠢᠶᠠᠷ ᠦᠯᠦ ᠪᠠᠷᠠᠮ᠂ ᠮᠤᠩᠭ᠋ᠤᠯ ᠠᠨᠠᠭᠠᠬᠤ ᠤᠬᠠᠭᠠᠨ ᠤ ᠵᠢᠭᠠᠨ ᠰᠤᠷᠭᠠᠯᠲᠠ᠂ ᠡᠮᠴᠢᠯᠡᠭᠡ᠂ ᠰᠤᠳᠤᠯᠭ᠎ᠠ ᠵᠢᠴᠢ ᠬᠡᠪᠯᠡᠯ ᠤᠷᠴᠢᠭᠤᠯᠭ᠎ᠠ ᠶᠢᠨ ᠠᠵᠢᠯᠲᠠᠳ᠂ ᠮᠤᠩᠭ᠋ᠤᠯ ᠠᠨᠠᠭᠠᠬᠤ ᠤᠬᠠᠭᠠᠨ ᠳᠤ ᠳᠤᠷ᠎ᠠ ᠪᠠᠬᠠᠲᠠᠢ ᠬᠦᠮᠦᠰ ᠲᠤ ᠲᠤᠲᠠᠭᠳᠠᠵᠦ ᠪᠤᠯᠤᠰᠢ ᠦᠭᠡᠢ ᠬᠡᠷᠡᠭᠯᠡᠭᠡᠨ ᠤ ᠪᠢᠴᠢᠭ᠌ ᠪᠤᠯᠤᠭᠰᠠᠨ ᠶᠤᠮ ᠃

ᠢᠷᠡᠯᠳᠡ᠄ ᠲᠤᠮᠳᠠᠳᠤ ᠤᠯᠤᠰ ᠤᠨ ᠮᠤᠩᠭ᠋ᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121433020