蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳ᠋ᠦ ᠮᠤᠵᠢ ᠲᠠᠮᠨᠠᠨ ᠡᠮᠨᠡᠬᠦᠯᠬᠦ ᠳ᠋ᠤ ᠨᠸᠲ ᠢᠶᠡᠷ ᠳᠠᠩᠰᠠᠨ ᠡᠴᠡ ᠳᠠᠢᠢᠯᠬᠤ 18 ᠳᠤᠭᠳᠠᠭᠰᠠᠨ ᠡᠮᠨᠡᠯᠬᠡ ᠲᠠᠢ ᠪᠤᠯᠪᠠ

2017-08-21 11:39

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠳᠡᠬᠡᠨ ᠵᠠᠰᠬᠠᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠵᠦᠪᠯᠡᠯ ᠡᠴᠡ ᠤᠢᠢᠯᠠᠭᠠᠭᠰᠠᠨ ᠵᠢᠡᠷ᠂ ᠤᠯᠤᠰ ᠤᠨ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ《ᠬᠦᠳᠡᠬᠡ ᠳᠤᠰᠬᠤᠨ ᠤ ᠰᠢᠨ᠎ᠠ ᠮᠠᠶ᠊ᠢᠭ ᠤᠨ ᠬᠤᠷᠰᠢᠭᠰᠠᠨ ᠡᠮᠨᠡᠯᠬᠡ ᠵᠢᠨ ᠮᠤᠵᠢ ᠲᠠᠮᠨᠠᠨ ᠡᠮᠨᠡᠬᠦᠯᠬᠦ ᠳ᠋ᠤ ᠨᠸᠲ ᠢᠶᠡᠷ ᠳᠠᠩᠰᠠᠨ ᠡᠴᠡ ᠳᠠᠢᠢᠯᠬᠤ ᠳᠤᠭᠳᠠᠭᠰᠠᠨ ᠡᠮᠴᠢᠯᠡᠬᠡᠨ ᠤ ᠪᠠᠢᠢᠭᠤᠯᠤᠮᠵᠢ ᠵᠢᠨ ᠬᠦᠷᠢᠶ᠎ᠠ ᠬᠡᠪᠴᠢᠶ᠎ᠠ ᠵᠢ ᠦᠷᠬᠡᠳᠬᠡᠬᠦ ᠮᠡᠳᠡᠭᠳᠡᠯ》 ᠤ᠋ᠨ ᠱᠠᠭᠠᠷᠳᠠᠯᠭ᠎ᠠ ᠪᠡᠷ᠂ ᠦᠪᠦᠷ ᠮᠣᠩᠭᠣᠯ ᠤᠤᠯ ᠤᠨ 4 ᠳᠤᠭᠳᠠᠭᠰᠠᠨ ᠡᠮᠴᠢᠯᠡᠬᠡᠨ ᠤ ᠪᠠᠢᠢᠭᠤᠯᠤᠮᠵᠢ (ᠦᠪᠦᠷ ᠮᠤᠩᠭ᠋ᠤᠯ ᠤᠨ ᠠᠷᠠᠳ ᠤᠨ ᠡᠮᠨᠡᠯᠬᠡ᠂ ᠤᠷᠳᠤᠰ ᠬᠤᠳᠠ ᠵᠢᠨ ᠭᠤᠤᠯ ᠡᠮᠨᠡᠯᠬᠡ᠂ ᠬᠦᠯᠦᠨ ᠪᠤᠢᠢᠷ ᠬᠤᠳᠠ ᠵᠢᠨ ᠠᠷᠠᠳ ᠤᠨ ᠡᠮᠨᠡᠯᠬᠡ᠂ ᠤᠯᠠᠭᠠᠨᠬᠠᠳᠠ ᠬᠤᠳᠠ ᠵᠢᠨ ᠨᠢᠩᠴᠸᠩ ᠰᠢᠶᠠᠨ ᠤ ᠡᠮᠨᠡᠯᠬᠡ) ᠶ᠋ᠢᠨ ᠰᠠᠭᠤᠷᠢᠨ ᠲᠡᠭᠡᠷ᠎ᠠ 14 ᠡᠮᠴᠢᠯᠡᠬᠡᠨ ᠤ ᠪᠠᠢᠢᠭᠤᠯᠤᠮᠵᠢ ᠵᠢ ᠰᠢᠨ᠎ᠠ ᠪᠡᠷ ᠨᠡᠮᠡᠭᠰᠡᠨ ᠪᠠᠢᠢᠨ᠎ᠠ᠃

    ᠰᠢᠨ᠎ᠠ ᠪᠡᠷ ᠨᠡᠮᠡᠭᠰᠡᠨ 14 ᠡᠮᠴᠢᠯᠡᠬᠡᠨ ᠤ ᠪᠠᠢᠢᠭᠤᠯᠤᠮᠵᠢ ᠨᠢ ᠳᠤᠰᠪᠤᠷᠢ᠄ ᠦᠪᠦᠷ ᠮᠤᠩᠭ᠋ᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠵᠢᠨ ᠬᠠᠷᠢᠶᠠᠳᠤ ᠡᠮᠨᠡᠯᠬᠡ᠂ ᠦᠪᠦᠷ ᠮᠤᠩᠭ᠋ᠤᠯ ᠤᠨ ᠪᠤᠭᠤᠳᠤ ᠵᠢᠨ ᠪᠤᠯᠤᠳ ᠳᠡᠮᠦᠷ ᠤᠨ ᠪᠦᠯᠦᠭᠯᠡᠯ ᠤᠨ ᠡᠮᠨᠡᠯᠭᠡ ᠂ ᠪᠤᠭᠤᠳᠤ ᠵᠢᠨ ᠡᠮᠨᠡᠯᠭᠡ ᠶᠢᠨ ᠨᠢᠬᠡᠳᠦᠬᠡᠷ ᠬᠠᠷᠢᠶᠠᠳᠤ ᠡᠮᠨᠡᠯᠭᠡ᠂ ᠪᠤᠭᠤᠳᠤ ᠬᠤᠳᠠ ᠵᠢᠨ ᠭᠤᠤᠯ ᠡᠮᠨᠡᠯᠭᠡ᠂ ᠦᠪᠦᠷ ᠮᠤᠩᠭ᠋ᠤᠯ ᠤᠨ ᠤᠢ ᠰᠢᠭᠤᠢ ᠵᠢᠨ ᠦᠢᠯᠡᠰ ᠤᠨ ᠶᠡᠷᠦᠩᠬᠡᠢ ᠡᠮᠨᠡᠯᠭᠡ ᠂ ᠬᠢᠩᠭ᠋ᠠᠨ ᠠᠢᠢᠮᠠᠭ ᠤᠨ ᠠᠷᠠᠳ ᠤᠨ ᠡᠮᠨᠡᠯᠭᠡ᠂ ᠲᠦᠩᠯᠢᠶᠤᠤ ᠬᠤᠳᠠ ᠵᠢᠨ ᠡᠮᠨᠡᠯᠭᠡ᠂ ᠤᠯᠠᠭᠠᠨᠬᠠᠳᠠ ᠬᠤᠳᠠ ᠵᠢᠨ ᠡᠮᠨᠡᠯᠭᠡ᠂ ᠤᠯᠠᠭᠠᠨᠬᠠᠳᠠ ᠳᠡᠬᠡᠳᠤ ᠰᠤᠷᠭᠠᠭᠤᠯᠢ ᠶᠢᠨ ᠬᠠᠷᠢᠶᠠᠳᠤ ᠡᠮᠨᠡᠯᠭᠡ᠂ ᠰᠢᠯᠢ ᠵᠢᠨ ᠭᠤᠤᠯ ᠠᠢᠢᠮᠠᠭ ᠤᠨ ᠡᠮᠨᠡᠯᠭᠡ᠂ ᠤᠯᠠᠭᠠᠨᠴᠠᠪ ᠬᠤᠳᠠ ᠵᠢᠨ ᠭᠤᠤᠯ ᠡᠮᠨᠡᠯᠭᠡ᠂ ᠪᠠᠶᠠᠨᠨᠠᠭᠤᠷ ᠠᠢᠢᠮᠠᠭ ᠤᠨ ᠭᠤᠤᠯ ᠡᠮᠨᠡᠯᠭᠡ᠂ ᠦᠬᠠᠢ ᠬᠤᠳᠠ ᠵᠢᠨ ᠠᠷᠠᠳ ᠤᠨ ᠡᠮᠨᠡᠯᠭᠡ᠂ ᠠᠯᠠᠱᠠ ᠠᠢᠢᠮᠠᠭ ᠤᠨ ᠭᠤᠤᠯ ᠡᠮᠨᠡᠯᠭᠡ  ᠵᠡᠷᠬᠡ ᠪᠤᠯᠤᠨ᠎ᠠ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠱᠠᠭᠠᠷᠳᠠᠯᠭ᠎ᠠ ᠪᠡᠷ᠂ ᠡᠯ᠎ᠠ ᠳᠤᠭᠳᠠᠭᠰᠠᠨ ᠡᠮᠴᠢᠯᠡᠬᠡᠨ ᠤ ᠪᠠᠢᠢᠭᠤᠯᠤᠮᠵᠢ ᠨᠢ ᠡᠳ᠋ ᠤᠨ ᠶᠠᠪᠤᠳᠠᠯ᠂ ᠮᠡᠳᠡᠬᠡ ᠵᠠᠩᠬᠢ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠦᠮᠦᠰ ᠵᠢᠡᠷ ᠪᠦᠷᠢᠯᠳᠦᠭᠰᠡᠨ ᠠᠵᠢᠯᠯᠠᠬᠤ ᠪᠠᠬ ᠪᠠᠢᠢᠭᠤᠯᠵᠤ ᠳᠤᠰᠬᠠᠢ ᠬᠦᠮᠦᠨ ᠳᠤᠭᠳᠠᠭᠠᠨ ᠬᠠᠷᠢᠭᠤᠴᠠᠭᠤᠯᠬᠤ ᠪᠦᠭᠡᠳ ᠳᠤᠭᠳᠠᠭᠰᠠᠨ ᠴᠤᠩᠬᠤᠪᠴᠢ ᠭᠠᠷᠭᠠᠵᠤ ᠬᠦᠳᠡᠬᠡ ᠳᠤᠰᠬᠤᠨ ᠤ ᠰᠢᠨ᠎ᠠ ᠮᠠᠶ᠊ᠢᠭ ᠤᠨ ᠬᠤᠷᠰᠢᠭᠰᠠᠨ ᠡᠮᠨᠡᠯᠬᠡ ᠵᠢᠨ ᠮᠤᠵᠢ ᠲᠠᠮᠨᠠᠨ ᠡᠮᠨᠡᠬᠦᠯᠬᠦ ᠡᠪᠡᠳᠴᠢᠳᠡᠨ ᠳᠤ ᠰᠢᠭᠤᠳ ᠳᠠᠩᠰᠠᠨ ᠡᠴᠡ ᠳᠠᠢᠢᠯᠵᠤ ᠦᠭ᠍ᠬᠦ ᠦᠢᠯᠡᠴᠢᠯᠡᠬᠡ ᠬᠠᠩᠭ᠋ᠠᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121516498