蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠠᠨᠠᠭᠠᠬᠤ ᠤᠬᠠᠭᠠᠨ ᠢᠶᠡᠷ ᠪᠠᠮᠪᠠᠢ ᠪᠤᠯᠴᠢᠷᠬᠠᠢ ᠶᠢᠨ ᠡᠪᠡᠳᠴᠢᠨ ᠢ ᠠᠯᠤᠰ ᠡᠴᠠ ᠤᠨᠤᠰᠢᠯᠠᠨ ᠡᠮᠴᠢᠯᠡᠬᠦ ᠤᠬᠠᠭᠠᠯᠢᠭ ᠰᠢᠰᠲ᠋ᠧᠮ ᠠᠰᠢᠭᠯᠠᠯᠳᠠ ᠳ᠋ᠦ ᠤᠷᠤᠯ᠎ᠠ

2017-08-21 15:46

    ᠰᠢᠨᠬᠤᠸᠠ ᠮᠤᠩᠭ᠋ᠤᠯ ᠨᠧᠲ  ᠬᠦᠬᠡᠬᠤᠳᠠ ᠶᠢᠨ 8 ᠰᠠᠷ᠎ᠠ ᠶᠢᠨ 21 ᠤ ᠡᠳᠤᠷ ᠤᠨ ᠴᠠᠬᠢᠯᠭᠠᠨ ᠮᠡᠳᠡᠬᠡ (ᠬᠡᠦᠬᠡᠨᠰᠤᠯᠢ ᠪᠠᠢ ᠯᠢᠩ ᠳ᠋ᠢ) ᠪᠠᠮᠪᠠᠢ ᠪᠤᠯᠴᠢᠷᠬᠠᠢ ᠶᠢᠨ ᠡᠪᠡᠳᠴᠢᠨ ᠪᠤᠯ ᠨᠡᠷᠪᠡᠯᠲᠠ ᠶᠢᠨ ᠨᠤᠷᠮ᠎ᠠ  ᠦᠨᠳᠦᠷ᠂ ᠲᠡᠷᠬᠠᠯᠲᠠ  ᠦᠷᠭᠡᠨ᠂ ᠳᠡᠯᠡᠬᠡᠢ ᠶᠢᠨ ᠴᠢᠨᠠᠷᠲᠠᠢ ᠦᠷᠭᠦᠯᠵᠢ ᠲᠤᠬᠢᠶᠠᠯᠳᠤᠬᠤ ᠡᠪᠡᠳᠴᠢᠨ ᠤ ᠨᠢᠬᠡ ᠪᠤᠯᠤᠨ᠎ᠠ᠃ ᠬᠦᠮᠦᠰ ᠤᠨ ᠡᠷᠡᠭᠦᠯ ᠮᠡᠨᠳᠤ ᠶᠢ ᠬᠦᠨᠳᠤ ᠨᠤᠴᠢᠲᠠᠢ ᠨᠦᠯᠦᠭᠡᠯᠡᠵᠤ ᠪᠠᠶᠢᠬᠤ ᠪᠤᠯᠬᠤᠷ ᠲᠤᠰ ᠡᠪᠡᠳᠴᠢᠨ ᠢ ᠡᠮᠴᠢᠯᠡᠬᠦ ᠠᠷᠭ᠎ᠠ ᠤᠬᠠᠭᠠᠨ ᠬᠦᠮᠦᠰ ᠤᠨ ᠠᠩᠬᠠᠷᠤᠯ ᠳᠤ ᠤᠷᠤᠯ᠎ᠠ᠃ ᠪᠠᠮᠪᠠᠢ ᠪᠤᠯᠴᠢᠷᠬᠠᠢ ᠶᠢᠨ ᠡᠪᠡᠳᠴᠢᠨ ᠢ ᠵᠠᠰᠠᠨ ᠡᠮᠴᠢᠯᠡᠬᠦ ᠠᠵᠢᠯ ᠳᠤ ᠤᠷᠢ ᠵᠠᠯᠠᠭᠤ ᠨᠠᠰᠤᠨ ᠤ ᠪᠠᠨ ᠡᠷᠴᠢ ᠬᠦᠴᠦ ᠪᠡᠨ ᠰᠢᠪᠬᠠᠵᠤ ᠴᠢᠷᠮᠠᠶᠢᠨ ᠠᠵᠢᠯᠯᠠᠭ᠎ᠠ ᠨᠢᠬᠡᠨ ᠪᠤᠯ ᠵᠠᠯᠠᠭᠤ ᠮᠤᠩᠭ᠋ᠤᠯ ᠡᠮᠴᠢ ᠽᠡᠪᠳᠡᠨᠲᠤᠷᠵᠢ ᠪᠠᠶᠢᠯ᠎ᠠ᠃

    2016 ᠤᠨ ᠳᠤ ᠽᠡᠪᠳᠡᠨᠲᠤᠷᠵᠢ ᠶᠢᠨ ᠭᠠᠷᠳᠠᠨ ᠬᠢᠭ᠍ᠰᠡᠨ《 ᠮᠤᠩᠭ᠋ᠤᠯ ᠠᠨᠠᠭᠠᠬᠤ ᠤᠬᠠᠭᠠᠨ ᠢᠶᠡᠷ ᠪᠠᠮᠪᠠᠢ ᠪᠤᠯᠴᠢᠷᠬᠠᠢ ᠶᠢᠨ ᠡᠪᠡᠳᠴᠢᠨ ᠢ ᠤᠨᠤᠰᠢᠯᠠᠨ ᠡᠮᠴᠢᠯᠡᠬᠦ ᠤᠬᠠᠭᠠᠯᠢᠭ ᠰᠢᠰᠲ᠋ᠧᠮ》 ᠠᠰᠢᠭᠯᠠᠯᠳᠠ ᠳᠤ ᠤᠷᠤᠪᠡ᠃ ᠡᠨᠡᠬᠦ ᠰᠢᠰᠲ᠋ᠧᠮ ᠳᠤ ᠤᠨᠤᠰᠢᠯᠠᠬᠤ ᠪᠤᠯᠤᠨ ᠬᠠᠶᠢᠬᠤ ᠬᠤᠶᠠᠷ ᠶᠡᠬᠡ ᠰᠢᠰᠲ᠋ᠧᠮ ᠲᠠᠢ᠃ ᠳᠡᠬᠦᠨ ᠤ ᠢᠯᠡᠷᠬᠡᠢ ᠨᠢᠬᠡ ᠤᠨᠴᠠᠯᠢᠭ ᠨᠢ ᠡᠮᠴᠢ ᠬᠢᠬᠡᠳ ᠡᠪᠡᠳᠴᠢᠳᠡᠨ ᠳᠤ ᠴᠦᠮ ᠲᠦᠬᠦᠮ ᠦᠵᠡᠬᠦᠯᠵᠡᠢ᠃ ᠡᠪᠡᠳᠴᠢᠳᠡᠨ ᠵᠠᠪᠠᠯ ᠡᠮᠴᠢ ᠲᠠᠢ ᠠᠭᠤᠯᠵᠠᠵᠤ ᠤᠨᠤᠰᠢᠯᠠᠭᠤᠯᠬᠤ ᠴᠢᠬᠤᠯᠠ ᠦᠭᠡᠢ᠂ ᠬᠠᠷᠢᠨ ᠲᠤᠬᠠᠢ ᠶᠢᠨ ᠭᠠᠵᠠᠷ ᠤᠨ ᠢᠶᠡᠨ ᠡᠮᠨᠡᠯᠬᠡ ᠳᠤ ᠤᠨᠤᠰᠢᠯᠠᠭᠤᠯᠤᠭᠰᠠᠨ ᠳ᠋ᠦᠩ ᠢᠶᠡᠨ ᠵᠢᠷᠤᠭ ᠢᠶᠡᠷ ᠡᠮᠴᠢ ᠳᠤ ᠶᠠᠪᠤᠭᠤᠯᠤᠭᠰᠠᠨ ᠤ ᠳᠠᠷᠠᠭ᠎ᠠ ᠳᠤᠰ ᠰᠢᠰᠲ᠋ᠧᠮ ᠢᠶᠡᠷ ᠳᠠᠬᠢᠨ ᠤᠨᠤᠰᠢᠯᠠᠵᠤ᠂ ᠵᠠᠰᠠᠬᠤ ᠠᠷᠭ᠎ᠠ ᠶᠢ ᠲᠤᠳᠤᠯᠠᠨ᠂ ᠡᠮ ᠢ ᠨᠢ ᠪᠤᠤᠬᠢᠶ᠎ᠠ ᠦᠢᠯᠡᠴᠢᠯᠡᠬᠡ ᠪᠡᠷ ᠶᠠᠪᠤᠭᠤᠯᠵᠤ ᠦᠭᠳᠡᠭ᠃ ᠤᠳᠤ ᠪᠡᠷ ᠲᠤᠰ ᠰᠢᠰᠲ᠋ᠧᠮ ᠨᠢᠭᠡᠨᠲᠡ ᠴᠦᠬᠡᠨ ᠪᠤᠰᠤ ᠡᠮᠨᠡᠯᠭᠡ ᠳᠤ ᠠᠰᠢᠭᠯᠠᠭᠳᠠᠵᠤ ᠡᠬᠢᠯᠡᠵᠡᠢ᠃

    《ᠮᠤᠩᠭ᠋ᠤᠯ ᠠᠨᠠᠭᠠᠬᠤ ᠤᠬᠠᠭᠠᠨ ᠢᠶᠡᠷ ᠪᠠᠮᠪᠠᠢ ᠪᠤᠯᠴᠢᠷᠬᠠᠢ ᠶᠢᠨ ᠡᠪᠡᠳᠴᠢᠨ ᠢ ᠤᠨᠤᠰᠢᠯᠠᠨ ᠡᠮᠴᠢᠯᠡᠬᠦ ᠤᠬᠠᠭᠠᠯᠢᠭ ᠰᠢᠰᠲ᠋ᠧᠮ》 ᠨᠢ ᠽᠡᠪᠳᠡᠨᠲᠤᠷᠵᠢ ᠶᠢᠨ ᠪᠠᠭᠰᠢ ᠦᠰᠦᠷᠦᠯᠲᠠ ᠡᠮᠴᠢ ᠶᠢᠨ ᠪᠠᠮᠪᠠᠢ ᠪᠤᠯᠴᠢᠷᠬᠠᠢ ᠶᠢᠨ ᠡᠪᠡᠳᠴᠢᠨ ᠤ ᠲᠤᠬᠠᠢ 40 ᠭᠠᠷᠤᠢ ᠵᠢᠯ ᠤᠨ ᠡᠮᠴᠢᠯᠡᠬᠡ ᠪᠠ ᠰᠤᠳᠤᠯᠭᠠᠨ ᠢᠶᠡᠷ ᠡᠬᠦᠳᠦᠭ᠍ᠰᠡᠨ ᠪᠠᠮᠪᠠᠢ ᠶᠢᠨ ᠡᠪᠡᠳᠴᠢᠨ ᠤ ᠤᠨᠤᠯ᠂ ᠯᠤᠬᠢᠭ᠂ ᠲᠤᠰᠬᠠᠢ ᠡᠮ ᠵᠤᠷ ᠵᠢᠴᠢ ᠪᠠᠮᠪᠠᠢ ᠪᠤᠯᠴᠢᠷᠬᠠᠢ ᠶᠢᠨ 49 ᠲᠦᠷᠦᠯ ᠤᠨ ᠡᠪᠡᠳᠴᠢᠨ ᠳᠤ ᠤᠨᠤᠭᠠᠭᠰᠠᠨ 90 ᠭᠠᠷᠤᠢ ᠵᠦᠢᠯ ᠤᠨ ᠪᠠᠷᠢᠮᠵᠢᠶᠠᠵᠢᠭᠤᠯᠤᠭᠰᠠᠨ ᠡᠮᠴᠢᠯᠡᠬᠡᠨ ᠤ ᠠᠷᠭ᠎ᠠ ᠶᠢᠨ ᠰᠠᠭᠤᠷᠢᠨ ᠳᠤ ᠪᠠᠶᠢᠭᠤᠯᠤᠭᠳᠠᠭᠰᠠᠨ ᠢᠶᠡᠷ ᠡᠪᠡᠳᠴᠢᠳᠡᠨ ᠳᠤ ᠲᠦᠬᠦᠮ ᠦᠵᠡᠬᠦᠯᠦᠭᠰᠡᠨ ᠲᠡᠳᠤᠢ ᠦᠭᠡᠢ ᠡᠮᠴᠢ ᠳᠤ ᠴᠦ ᠲᠤᠳᠠᠭᠳᠠᠵᠤ ᠪᠤᠯᠤᠰᠢ ᠦᠭᠡᠢ ᠲᠤᠰᠠᠯᠠᠭᠴᠢ ᠪᠤᠯᠤᠭᠰᠠᠨ ᠪᠠᠶᠢᠨ᠎ᠠ᠃

    ᠦᠰᠦᠷᠦᠯᠳᠡ ᠶᠢᠨ ᠬᠠᠮᠤᠭ ᠤᠨ ᠰᠡᠭᠦᠯᠴᠢ ᠶᠢᠨ ᠭᠠᠷ ᠤᠨ ᠱᠠᠪᠢ ᠪᠤᠯᠤᠭᠰᠠᠨ ᠤ ᠬᠤᠪᠢ ᠳᠤ ᠪᠠᠭᠰᠢ ᠶᠢᠨ ᠢᠶᠡᠨ ᠳᠠᠭᠤᠰᠬᠠᠵᠤ ᠠᠮᠵᠢᠭ᠎ᠠ ᠦᠭᠡᠢ ᠨᠤᠮ᠂ ᠬᠢᠵᠤ ᠪᠠᠷᠠᠭᠠᠳᠤᠢ ᠰᠤᠳᠤᠯᠭ᠎ᠠ ᠶᠢ ᠨᠢ ᠦᠷᠭᠦᠯᠵᠢᠯᠡᠨ ᠪᠡᠶᠡᠯᠡᠭᠦᠯᠬᠦ ᠬᠦᠨᠳᠤ ᠡᠭᠦᠷᠭᠡ ᠶᠢ ᠽᠡᠪᠳᠡᠨᠲᠤᠷᠵᠢ ᠲᠠᠭᠠᠭᠠᠵᠦ ᠠᠪᠴᠠᠢ᠃ 《ᠪᠠᠭᠰᠢ ᠮᠠᠨᠢ ᠲᠠᠭᠠᠯᠠᠯ ᠲᠡᠭᠦᠰᠬᠦ ᠡᠴᠡ ᠪᠠᠨ ᠡᠮᠦᠨ᠎ᠠ ᠡᠮᠴᠢᠯᠡᠭᠡ ᠦᠢᠯᠡᠳᠦᠯᠭᠡ ᠶᠢᠨ ᠲᠠᠯᠠᠰᠳᠦ 〈ᠮᠣᠩᠭᠣᠯ ᠠᠨᠠᠭᠠᠬᠤ ᠤᠬᠠᠭᠠᠨ ᠤ ᠪᠡᠮᠪᠡᠢ ᠪᠤᠯᠴᠢᠷᠬᠠᠢ ᠶᠢᠨ ᠡᠪᠡᠳᠴᠢᠨ ᠤ ᠰᠤᠳᠤᠯᠤᠯ〉 ᠤ᠋ᠨ ᠠᠩᠬᠠᠳᠤᠭᠠᠷ ᠬᠡᠪᠯᠡᠯ ᠤᠨ ᠢᠶᠡᠨ ᠵᠠᠯᠭᠠᠮᠵᠢ ᠶᠢ ᠬᠡᠪᠯᠡᠬᠦᠯᠵᠦ ᠠᠮᠵᠢᠭᠰᠠᠨ ᠦᠭᠡᠢ᠂ ᠪᠢ ᠤᠳᠤ ᠶᠠᠭ ᠡᠨᠡ ᠠᠵᠢᠯ ᠢ ᠵᠠᠯᠭᠠᠨ ᠬᠢᠵᠤ ᠪᠤᠢ᠃ ᠬᠦᠮᠦᠰ ᠤᠨ ᠡᠮᠴᠢᠯᠡᠬᠡᠨ ᠳᠤ ᠳᠦᠭᠦᠮ ᠦᠵᠡᠬᠦᠯᠬᠦ ᠶᠢᠨ ᠲᠦᠯᠦᠭᠡ ᠲᠤᠰᠬᠠᠢ ᠡᠮᠴᠢᠯᠡᠭᠡᠨ ᠤ ᠰᠢᠰᠲ᠋ᠧᠮ ᠨᠡᠭᠡᠭᠡᠬᠦ ᠪᠡᠷ ᠪᠠᠬᠰᠢ ᠮᠠᠨᠢ ᠲᠦᠯᠦᠪᠯᠡᠵᠤ ᠪᠠᠶᠢᠭᠰᠠᠨ᠂ ᠬᠠᠷᠠᠮᠰᠠᠯᠲᠠᠢ ᠨᠢ ᠡᠭᠦᠨ ᠢ ᠪᠡᠨ ᠪᠡᠶᠡᠯᠡᠭᠦᠯᠵᠤ ᠠᠮᠵᠢᠭ᠎ᠠ ᠦᠭᠡᠢ》 ᠭᠡᠵᠤ ᠽᠡᠪᠳᠡᠨᠲᠤᠷᠵᠢ ᠶᠠᠷᠢᠯ᠎ᠠ᠃

    ᠽᠡᠪᠳᠡᠨᠲᠤᠷᠵᠢ᠂ ᠳᠠᠷᠠᠭᠠᠴᠢ ᠶᠢᠨ ᠠᠯᠬᠤᠮ ᠳᠤ 《ᠮᠤᠩᠭ᠋ᠤᠯ ᠠᠨᠠᠭᠠᠬᠤ ᠤᠬᠠᠭᠠᠨ ᠢᠶᠡᠷ ᠪᠠᠮᠪᠠᠢ ᠪᠤᠯᠴᠢᠷᠬᠠᠢ ᠶᠢᠨ ᠡᠪᠡᠳᠴᠢᠨ ᠢ ᠤᠨᠤᠰᠢᠯᠠᠨ ᠡᠮᠴᠢᠯᠡᠬᠦ ᠤᠬᠠᠭᠠᠯᠢᠭ ᠰᠢᠰᠲ᠋ᠧᠮ》 ᠢᠶᠠᠨ ᠲᠡᠰ ᠳᠡᠪᠰᠢᠭᠦᠯᠵᠤ ᠲᠡᠭᠦᠯᠳᠡᠷᠵᠢᠬᠦᠯᠬᠦ ᠠᠵᠢᠯᠯᠠᠭ᠎ᠠ ᠶᠢ ᠰᠢᠮᠳᠠᠭᠤᠯᠤᠨ ᠬᠢᠵᠤ᠂ ᠮᠣᠩᠭᠣᠯ ᠡᠮ ᠡᠮᠨᠡᠯᠭᠡ ᠶᠢᠨ ᠬᠦᠷᠢᠶᠡᠨ ᠳᠡᠬᠢ ᠨᠡᠷ᠎ᠠ ᠲᠤᠮᠢᠶ᠎ᠠ ᠶᠢ ᠨᠢᠭᠡᠳᠭᠡᠬᠦ ᠠᠵᠢᠯ ᠪᠤᠯᠤᠨ 《ᠮᠣᠩᠭᠣᠯ ᠠᠨᠠᠭᠠᠬᠤ ᠤᠬᠠᠭᠠᠨ ᠤ ᠪᠡᠮᠪᠡᠢ ᠪᠤᠯᠴᠢᠷᠬᠠᠢ ᠶᠢᠨ ᠡᠪᠡᠳᠴᠢᠨ ᠤ ᠰᠤᠳᠤᠯᠤᠯ》 ᠤᠨ ᠬᠤᠶᠠᠳᠤᠭᠠᠷ ᠬᠡᠪᠯᠡᠯ ᠢ ᠡᠨᠡ ᠬᠤᠶᠠᠷ ᠵᠢᠯ ᠳᠤ ᠡᠮᠬᠢᠳᠭᠡᠵᠤ ᠳᠠᠭᠤᠰᠬᠠᠬᠤ ᠪᠡᠷ ᠲᠦᠯᠦᠪᠯᠡᠵᠤ ᠪᠠᠶᠢᠨ᠎ᠠ ᠬᠡᠵᠡᠢ᠃

    ᠲᠤᠷᠭᠤᠳ ᠽᠡᠪᠳᠡᠨᠲᠤᠷᠵᠢ᠂ 1990 ᠤᠨ ᠳᠤ ᠬᠦᠬᠡᠨᠠᠭᠤᠷ ᠮᠤᠵᠢ ᠶᠢᠨ ᠬᠠᠶᠢᠰᠢ ᠮᠣᠩᠭᠣᠯ ᠲᠦᠪᠡᠳ ᠦᠨᠳᠦᠰᠦᠲᠡᠨ ᠤ ᠦᠪᠡᠷᠲᠡᠭᠡᠨ ᠵᠠᠰᠠᠬᠤ ᠵᠸᠤ ᠶᠢᠨ ᠤᠯᠠᠭᠠᠨ ᠰᠢᠶᠠᠨ ᠳᠤ ᠲᠦᠷᠦᠵᠡᠢ᠃ ᠦᠪᠦᠷ ᠮᠤᠩᠭ᠋ᠤᠯ ᠤᠨ ᠦᠨᠳᠦᠰᠦᠳᠡᠨ ᠤ ᠶᠡᠬᠡ ᠰᠤᠷᠭᠠᠭᠤᠯᠢ ᠶᠢᠨ ᠮᠤᠩᠭ᠋ᠤᠯ ᠠᠨᠠᠭᠠᠬᠤ ᠤᠬᠠᠭᠠᠨ ᠤ ᠮᠡᠷᠬᠡᠵᠢᠯ ᠢᠶᠡᠷ ᠦᠨᠳᠦᠰᠦᠨ ᠠᠩᠬᠢ ᠪᠡᠨ ᠲᠡᠬᠦᠰᠴᠦ᠂ ᠤᠳᠤ ᠠᠯᠠᠱᠠ ᠠᠶᠢᠮᠠᠭ ᠤᠨ ᠪᠠᠮᠪᠠᠢ ᠶᠢᠨ ᠡᠪᠡᠳᠴᠢᠨ ᠤ ᠲᠤᠰᠬᠠᠢ ᠮᠡᠷᠭᠡᠵᠢᠯ ᠤᠨ《ᠲᠡᠭᠰᠢ》ᠮᠣᠩᠭᠣᠯ ᠡᠮᠨᠡᠯᠬᠡ  ᠳᠤ ᠡᠮᠴᠢ ᠶᠢᠨ ᠠᠯᠪᠠ ᠲᠠᠢ ᠪᠦᠭᠡᠳ ᠲᠤᠰ ᠡᠮᠨᠡᠯᠭᠡ ᠶᠢᠨ ᠰᠤᠳᠤᠯᠬᠤ ᠬᠦᠷᠢᠶᠡᠯᠡᠩ ᠳᠤ ᠵᠠᠯᠠᠭᠤ ᠰᠤᠳᠤᠯᠤᠭᠴᠢ ᠪᠡᠷ ᠠᠵᠢᠯᠯᠠᠵᠤ ᠪᠤᠢ᠃

    ᠲᠡᠷᠡᠪᠡᠷ ᠪᠠᠭᠰᠢ ᠶᠢᠨ ᠢᠶᠡᠨ ᠤᠳᠠᠭᠠᠨ ᠵᠢᠯ ᠤᠨ ᠰᠤᠳᠤᠯᠭ᠎ᠠ ᠭᠠᠷ ᠡᠮᠬᠢᠳᠬᠡᠯ ᠢ ᠴᠡᠭᠴᠡᠯᠡᠨ ᠤᠳᠤ ᠪᠤᠯᠬᠤ ᠳᠤ ᠨᠡᠯᠢᠶᠡᠳ ᠤᠯᠠᠨ ᠦᠬᠦᠯᠡᠯ ᠨᠡᠶᠢᠲᠡᠯᠡᠭᠡᠳ ᠪᠤᠢ᠃ ᠮᠦᠨ ᠡᠨᠡ ᠵᠢᠯ ᠦᠪᠦᠷ ᠮᠤᠩᠭ᠋ᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠳᠤ ᠮᠤᠩᠭ᠋ᠤᠯ ᠠᠨᠠᠭᠠᠬᠤ ᠤᠬᠠᠭᠠᠨ ᠤ ᠠᠰᠫᠢᠷᠠᠨᠲ ᠢᠶᠡᠷ ᠰᠢᠯᠭᠠᠭᠤᠯᠤᠨ ᠤᠷᠤᠵᠠᠢ᠃ 《ᠵᠠᠯᠠᠬ᠋ᠤ ᠬᠦᠮᠦᠨ ᠤ ᠵᠠᠮ ᠤᠨ ᠬᠦᠵᠦᠬᠦᠦ ᠤᠷᠳᠤ》 ᠂ ᠰᠤᠷᠬᠤ ᠵᠦᠢᠯ ᠤᠶᠢᠯᠠᠭᠠᠬᠤ ᠵᠦᠢᠯ ᠤᠯᠠᠨ ᠪᠤᠢ ᠬᠡᠵᠤ ᠰᠤᠷᠪᠤᠯᠵᠢᠯᠠᠭ᠎ᠠ ᠲᠡᠭᠦᠰᠬᠦ ᠳ᠋ᠦ ᠽᠡᠪᠳᠡᠨᠲᠤᠷᠵᠢ ᠶᠠᠷᠢᠯ᠎ᠠ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121517276