蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠄ ᠡᠮ ᠡᠮᠨᠡᠯᠬᠡ ᠡᠷᠡᠬᠦᠯᠵᠢᠯ ᠤᠨ ᠪᠦᠳᠦᠭᠡᠭ᠍ᠳᠡᠬᠦᠨ ᠤ ᠠᠷᠠᠯᠵᠢᠶ᠎ᠠ ᠤᠯᠠᠨ ᠡᠰᠢᠴᠢᠯᠡᠨ ᠲᠤᠭᠳᠠᠭᠤᠨ ᠢᠶᠡᠷ ᠬᠦᠭ᠍ᠵᠢᠵᠤ ᠪᠤᠢ

2017-08-22 15:59

    ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠯᠢ ᠶᠦᠨ ᠫᠢᠩ) ᠡᠮ ᠡᠮᠨᠡᠯᠭᠡ ᠶᠢᠨ ᠦᠢᠯᠡᠰ ᠤᠨ ᠲᠦᠷᠢᠮᠵᠢᠨ ᠬᠦᠭ᠍ᠵᠢᠬᠦ᠂ ᠪᠤᠷᠤᠯᠠᠭᠤᠯᠬᠤ ᠰᠡᠳᠬᠢᠬᠦᠢ ᠶᠢᠨ ᠬᠤᠪᠢᠷᠠᠬᠤ ᠶᠢ ᠲᠠᠭᠠᠯᠳᠤᠨ ᠠᠷᠠᠯᠵᠢᠶᠠᠨ ᠤ ᠤᠯᠠᠨ ᠡᠰᠢᠴᠢᠯᠡᠬᠦ᠂ ᠲᠤᠭᠳᠠᠪᠤᠷᠢᠲᠡᠢ ᠪᠠᠶᠢᠬᠤ ᠨᠢ ᠮᠠᠨ ᠤ ᠤᠯᠤᠰ ᠤᠨ ᠡᠷᠡᠬᠦᠯᠵᠢᠯ ᠤᠨ ᠪᠦᠲᠦᠭᠡᠭ᠍ᠳᠡᠬᠦᠨ ᠤ ᠦᠢᠯᠡᠰ ᠤᠨ ᠬᠦᠭ᠍ᠵᠢᠯᠳᠡ ᠶᠢᠨ ᠰᠢᠨ᠎ᠡ ᠪᠠᠶᠢᠳᠠᠯ ᠪᠤᠯᠵᠠᠢ᠃ ᠡᠨᠡ ᠨᠢ ᠰᠤᠷᠪᠤᠯᠵᠢᠯᠠᠭᠴᠢ 2017 ᠤᠨ ᠤ ᠲᠤᠮᠳᠠᠳᠤ ᠤᠯᠤᠰ ᠤᠨ ᠬᠦᠬᠡᠬᠤᠳᠠ ᠶᠢᠨ ᠡᠮ ᠡᠮᠨᠡᠯᠬᠡ ᠡᠷᠡᠬᠦᠯᠵᠢᠯ ᠤᠨ ᠪᠦᠲᠦᠭᠡᠭ᠍ᠳᠡᠬᠦᠨ ᠤ ᠠᠷᠠᠯᠵᠢᠶᠠᠨ ᠤ ᠬᠤᠷᠠᠯ ᠡᠴᠡ ᠤᠶᠢᠯᠠᠭᠠᠭᠰᠠᠨ ᠪᠠᠶᠢᠳᠠᠯ ᠪᠤᠯᠤᠨ᠎ᠠ᠃

    ᠲᠤᠰ ᠤᠳᠠᠭᠠᠨ ᠤ ᠡᠮ ᠡᠮᠨᠡᠯᠭᠡ ᠶᠢᠨ ᠠᠷᠠᠯᠵᠢᠶᠠᠨ ᠤ ᠬᠤᠷᠠᠯ 8 ᠰᠠᠷ᠎ᠠ ᠶᠢᠨ 16-18 ᠤ ᠡᠳᠦᠷ ᠪᠤᠯᠳᠠᠯ᠎ᠠ ᠶᠠᠪᠤᠭᠳᠠᠵᠤ᠂ ᠤᠷᠤᠨ ᠲᠠᠶᠠᠭᠠᠷ ᠤᠨ 2800 ᠭᠠᠷᠤᠢ ᠲᠦᠯᠦᠬᠡᠯᠡᠭᠴᠢ ᠬᠤᠷᠠᠯ ᠳᠤ ᠤᠷᠤᠯᠴᠠᠵᠤ᠂ ᠡᠬᠦᠨ ᠳᠤ 《ᠰᠠᠨ ᠵᠢᠤ ᠪᠦᠯᠦᠭᠯᠡᠯ》᠂ 《ᠭᠤᠸᠩᠵᠸᠤ ᠶᠢᠨ ᠪᠠᠢ ᠰᠢᠶᠤᠤ ᠳ᠋ᠠᠨ》᠂ 《ᠭᠤᠸᠩᠵᠸᠤ ᠶᠢᠨ ᠶᠢᠨ ᠨᠦᠸᠸ ᠺᠸ》 ᠵᠡᠷᠬᠡ ᠨᠡᠷᠡᠳᠤ ᠠᠵᠤ ᠠᠬᠤᠶᠢᠯᠠᠯ ᠤᠨ ᠲᠦᠯᠦᠬᠡᠯᠡᠭᠴᠢᠳ ᠪᠤᠢ᠃ ᠠᠷᠠᠯᠵᠢᠶᠠᠯᠠᠭᠰᠠᠨ ᠨᠤᠷᠮ᠎ᠠ ᠨᠢ 8 ᠳ᠋ᠦᠩᠰᠢᠭᠤᠷ ᠲᠦᠬᠦᠷᠢᠭ᠌᠌ ᠲᠤ ᠬᠦᠷᠴᠦ᠂ ᠲᠦᠷ ᠴᠠᠭ ᠤᠨ ᠠᠵᠢᠯ ᠤᠨ ᠪᠠᠶᠢᠷᠢ ᠲᠦᠮᠡ ᠭᠠᠷᠤᠢ ᠬᠠᠩᠭ᠋ᠠᠵᠤ᠂ ᠵᠤᠴᠢᠳ ᠪᠠᠭᠤᠳᠠᠯ᠂ ᠢᠳᠡᠭᠡᠨ ᠤᠮᠳᠠᠭᠠᠨ᠂ ᠠᠶᠠᠯᠠᠯ ᠵᠢᠭᠤᠯᠴᠢᠯᠠᠯ ᠵᠡᠷᠬᠡ ᠬᠠᠮᠢᠶ᠎ᠠ ᠪᠦᠬᠦᠢ ᠠᠵᠤ ᠦᠢᠯᠡᠰ ᠢ ᠤᠷᠤᠯᠴᠠᠭᠤᠯᠵᠤ᠂ ᠡᠵᠡᠩᠨᠡᠯᠳᠡ ᠶᠢᠨ ᠤᠷᠤᠯᠭ᠎ᠠ ᠨᠢ ᠳ᠋ᠦ᠋ᠩᠰᠢᠭᠤᠷ ᠲᠦᠬᠦᠷᠢᠭ᠌᠌ ᠢ ᠲᠠᠪᠠᠭᠰᠠᠨ ᠪᠠᠶᠢᠨ᠎ᠠ᠃

    ᠰᠤᠷᠪᠤᠯᠵᠢᠯᠠᠭᠴᠢ ᠲᠤᠰ ᠤᠳᠠᠭᠠᠨ ᠤ ᠠᠷᠠᠯᠵᠢᠶᠠᠨ ᠤ ᠬᠤᠷᠠᠯ ᠤᠨ ᠭᠠᠵᠠᠷ ᠲᠡᠭᠡᠷ᠎ᠡ ᠡᠴᠡ ᠤᠶᠢᠯᠠᠭᠠᠭᠰᠠᠨ ᠢᠶᠡᠷ᠂ ᠡᠮ ᠲᠠᠢ ᠠᠷᠢᠬᠢ᠂ ᠰᠤᠪᠢᠯᠠᠯᠳᠠ ᠶᠢᠨ ᠲᠦᠭᠦᠭᠡᠷᠦᠮᠵᠢ ᠶᠢᠨ ᠲᠦᠷᠦᠯ ᠨᠢ ᠦᠩᠬᠡᠷᠡᠭᠰᠡᠨ ᠬᠤᠭᠤᠴᠠᠭᠠᠨ ᠤ ᠬᠢ ᠡᠴᠡ ᠤᠯᠠᠨ ᠪᠠᠶᠢᠵᠤ᠂ ᠹᠢᠽᠢᠺ ᠡᠮᠴᠢᠯᠡᠬᠡᠨ ᠤ ᠬᠠᠨᠵᠢᠶᠠᠷ᠂ ᠬᠦᠴᠢᠯᠳᠦ᠋ᠷᠦᠭᠴᠢ  ᠶᠢᠨ ᠮᠠᠰᠢᠨ ᠵᠡᠷᠬᠡ ᠲᠡᠬᠡᠳᠤ ᠲᠸᠭ᠍ᠨᠤᠯᠤᠬᠢ ᠶᠢᠨ ᠡᠮ ᠡᠮᠨᠡᠯᠭᠡ ᠡᠷᠡᠬᠦᠯᠵᠢᠯ ᠤᠨ ᠪᠦᠳᠦᠬᠡᠭ᠍ᠳᠡᠬᠦᠨ ᠬᠡᠷᠡᠭᠯᠡᠭᠴᠢᠳ ᠤᠨ ᠬᠦᠷᠢᠶᠡᠯᠡᠯ ᠢ ᠤᠯᠤᠭᠰᠠᠨ ᠪᠠᠶᠢᠨ᠎ᠠ᠃ ᠡᠮ ᠡᠮᠨᠡᠯᠭᠡ ᠶᠢᠨ ᠠᠷᠠᠯᠵᠢᠶᠠᠨ ᠤ ᠬᠤᠷᠠᠯ ᠤᠯᠠᠮᠵᠢᠯᠠᠯᠳᠤ ᠡᠮ ᠡᠮᠨᠡᠯᠭᠡ ᠡᠷᠡᠬᠦᠯᠵᠢᠯ ᠤᠨ ᠪᠦᠳᠦᠬᠡᠭ᠍ᠳᠡᠬᠦᠨ ᠤ ᠠᠷᠠᠯᠵᠢᠶᠠᠨ ᠤ ᠭᠤᠤᠯ ᠲᠠᠪᠴᠠᠩ ᠪᠤᠯᠤᠭᠰᠠᠨ ᠲᠡᠳᠤᠢ ᠦᠭᠡᠢ ᠰᠢᠨ᠎ᠡ ᠵᠠᠭᠪᠤᠷ ᠤᠨ ᠡᠮ ᠡᠮᠨᠡᠯᠬᠡ ᠡᠷᠡᠬᠦᠯᠵᠢᠯ ᠤᠨ ᠪᠦᠲᠦᠭᠡᠭ᠍ᠳᠡᠬᠦᠨ ᠢᠶᠡᠨ ᠰᠤᠷᠳᠠᠯᠴᠢᠯᠠᠨ ᠲᠡᠯᠭᠡᠷᠡᠬᠦᠯᠬᠦ ᠴᠢᠬᠤᠯᠠ ᠠᠷᠭ᠎ᠠ ᠵᠠᠮ ᠪᠤᠯᠤᠭᠰᠠᠨ ᠪᠠᠶᠢᠨ᠎ᠠ᠃

    ᠲᠤᠰ ᠤᠳᠠᠭᠠᠨ ᠤ ᠡᠮ ᠡᠮᠨᠡᠯᠭᠡ ᠶᠢᠨ ᠠᠷᠠᠯᠵᠢᠶᠠᠨ ᠤ ᠬᠤᠷᠠᠯ ᠳᠤ᠂ ᠬᠤᠳᠠᠯᠳᠤᠭᠠᠴᠢᠳ ᠢᠨᠲ᠋ᠸᠷᠨ᠋ᠸᠲ ᠢ ᠠᠰᠢᠭᠯᠠᠨ ᠰᠢᠨ᠎ᠡ ᠡᠮ᠂ ᠲᠤᠰᠬᠠᠢ ᠡᠮ ᠪᠠ ᠡᠷᠡᠬᠦᠯᠵᠢᠯ ᠤᠨ ᠪᠦᠳᠦᠭᠡᠭ᠍ᠳᠡᠭᠦᠨ ᠢᠶᠡᠨ ᠪᠤᠷᠤᠯᠠᠭᠤᠯᠤᠨ᠂ 《ᠡᠮ ᠡᠮᠨᠡᠯᠭᠡ ᠶᠢᠨ ᠠᠷᠠᠯᠵᠢᠶᠠᠨ ᠤ ᠬᠤᠷᠠᠯ + ᠡᠮ ᠡᠮᠨᠡᠯᠭᠡ ᠶᠢᠨ ᠬᠤᠳᠠᠯᠳᠤᠭᠠᠨ ᠤ ᠲᠦᠯᠦᠬᠡᠯᠡᠭᠴᠢ + ᠢᠨᠲ᠋ᠸᠷᠨ᠋ᠸᠲ + ᠬᠡᠷᠡᠭᠯᠡᠭᠴᠢᠳ》 ᠬᠡᠮᠡᠬᠦ ᠠᠵᠤ ᠦᠢᠯᠡᠰ ᠤᠨ ᠬᠡᠯᠬᠢᠶ᠎ᠡ ᠪᠦᠷᠢᠯᠳᠤᠵᠤ᠂ ᠡᠮ ᠡᠮᠨᠡᠯᠭᠡ ᠶᠢᠨ ᠠᠷᠠᠯᠵᠢᠶᠠᠨ ᠤ ᠢᠯᠡ ᠲᠤᠳᠤ᠂ ᠲᠦᠭᠦᠮ ᠲᠦᠳᠡ ᠶᠢ ᠪᠠᠶᠡᠯᠠᠬᠦᠯᠦᠭᠰᠠᠨ ᠪᠠᠶᠢᠨ᠎ᠠ᠃

    ᠤᠶᠢᠯᠠᠭᠠᠭᠰᠠᠨ ᠢᠶᠡᠷ᠂ 19 ᠵᠢᠯ ᠲᠠᠷᠠᠭᠠᠯᠠᠨ ᠵᠤᠬᠢᠶᠠᠨ ᠪᠠᠶᠢᠭᠤᠯᠤᠭᠳᠠᠭᠰᠠᠨ ᠬᠦᠬᠡᠬᠤᠳᠠ ᠶᠢᠨ 《ᠡᠮ ᠡᠮᠨᠡᠯᠭᠡ ᠶᠢᠨ ᠠᠷᠠᠯᠵᠢᠶᠠᠨ ᠤ ᠬᠤᠷᠠᠯ 》ᠨᠢ ᠮᠡᠷᠭᠡᠵᠢᠯᠳᠡᠳ ᠤᠨ ᠲᠤᠮᠳᠠ 《ᠦᠪᠦᠷ ᠮᠤᠩᠭ᠋ᠤᠯ ᠤᠨ ᠡᠮ ᠡᠮᠨᠡᠯᠭᠡ ᠶᠢᠨ ᠠᠷᠠᠯᠵᠢᠶᠠᠨ ᠤ ᠬᠤᠷᠠᠯ》ᠬᠡᠮᠡᠭᠳᠡᠵᠤ᠂ ᠬᠦᠬᠡᠬᠤᠳᠠ ᠳᠤ ᠵᠤᠬᠢᠶᠠᠨ ᠪᠠᠶᠢᠭᠤᠯᠬᠤ ᠡᠴᠡ ᠭᠠᠳᠠᠨ᠎ᠠ ᠵᠸᠩᠵᠸᠤ᠂ ᠬᠠᠩᠵᠸᠤ᠂ ᠮᠦᠭᠳᠡᠨ ᠵᠡᠷᠬᠡ ᠬᠤᠳᠠ ᠳᠤ ᠵᠤᠬᠢᠶᠠᠨ ᠪᠠᠶᠢᠭᠤᠯᠵᠤ᠂ ᠤᠯᠤᠰ ᠲᠠᠶᠠᠭᠠᠷ ᠤᠨ ᠡᠮ ᠡᠮᠨᠡᠯᠭᠡ ᠡᠷᠡᠬᠦᠯᠵᠢᠯ ᠤᠨ ᠪᠦᠳᠦᠬᠡᠭ᠍ᠳᠡᠬᠦᠨ ᠤ ᠦᠵᠡᠰᠬᠦᠯᠡᠩ ᠤᠨ ᠰᠢᠨ᠎ᠡ ᠵᠠᠭᠪᠤᠷ ᠤᠨ ᠦᠢᠯᠡᠴᠢᠯᠡᠬᠡᠨ ᠤ ᠪᠷᠸᠨ᠋ᠳ᠋ ᠪᠤᠯᠤᠨ ᠬᠦᠭ᠍ᠵᠢᠭᠰᠡᠨ ᠪᠠᠶᠢᠨ᠎ᠠ᠃ ( ᠲᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121524113